ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠳᠣᠯᠣᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠳᠣᠯᠣᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ  ᠬᠤᠷᠠᠯᠳᠤᠭ᠋᠊
ᠨᠡᠶᠢᠲᠡᠯᠡᠭᠰᠡᠨ ᠴᠠᠭ᠄
2020-03-16
      3 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠳᠣᠯᠣᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠳᠣᠯᠣᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠵᠤᠤ ᠯᠢ ᠮᠢᠨ᠂ ᠱᠧᠨ ᠢ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ ᠬᠤᠷᠠᠯ ᠳᠤ ᠣᠷᠣᠯᠴᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠲᠤᠰᠬᠠᠶᠢᠯᠠᠨ ᠬᠤᠪᠸᠢ ᠮᠤᠵᠢ ᠶᠢᠨ ᠦᠬᠠᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠡᠩᠨᠡᠭᠡᠨ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠨ ᠪᠠᠶᠢᠴᠠᠭᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠪᠥᠬᠦ ᠤᠯᠤᠰ ᠤᠨ ᠠᠷᠠᠳ ᠲᠦᠮᠡᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ ᠪᠠᠶᠢᠯᠳᠤᠭᠠᠨ᠂ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠤᠯᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠦᠷᠢᠵᠢᠭᠤᠯᠤᠯᠳᠠ ᠶᠢ ᠥᠴᠦᠬᠡᠨ ᠴᠦ ᠴᠠᠯᠠᠭᠠᠶᠢᠷᠠᠬᠤ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠲᠤᠩᠬᠠᠭᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠤᠯᠭᠠᠷᠠᠵᠤ ᠪᠠᠶᠢᠭ᠎ᠠ ᠪᠠᠶᠢᠳᠠᠯ ᠤᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠬᠤ ᠶᠢ ᠥᠴᠦᠬᠡᠨ ᠴᠦ ᠰᠤᠯᠠᠷᠠᠭᠤᠯᠬᠤ ᠦᠭᠡᠢ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠰᠡᠷᠭᠦᠭᠡᠬᠦ ᠠᠵᠢᠯ ᠢ ᠠᠳᠬᠤᠬᠤ ᠶᠢ ᠨᠢᠭᠡ ᠮᠥᠴᠡ ᠴᠦ ᠬᠦᠯᠢᠶᠡᠬᠦ ᠦᠭᠡᠢ ᠪᠠᠶᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠨᠢᠭᠡᠳᠦᠯᠳᠡᠢ ᠲᠥᠯᠥᠪᠯᠡᠨ ᠠᠬᠢᠭᠤᠯᠬᠤ ᠬᠡᠷᠡᠭᠲᠡᠶ᠃ ᠭᠠᠳᠠᠭᠠᠳᠤ ᠶᠢᠨ ᠬᠠᠷᠢᠶᠠᠲᠤ ᠬᠥᠮᠦᠰ ᠪᠣᠯᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠤᠯᠤᠰ ᠤᠨ ᠠᠷᠠᠳ ᠢᠷᠭᠡᠨ ᠤ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠴᠢᠩᠭ᠎ᠠ ᠰᠡᠷᠭᠡᠶᠢᠯᠡᠬᠦ ᠬᠡᠷᠡᠭᠲᠡᠶ᠃ ︽ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠢᠳᠡᠭᠡᠨ ᠤᠮᠳᠠᠭᠠᠨ ᠤ ᠦᠢᠯᠡᠴᠢᠯᠡᠭᠡᠨ ᠤ ᠦᠶᠯᠡᠰ ᠤᠨ ᠦᠶᠯᠡᠳᠪᠦᠷᠢᠯᠡᠯ  ᠢᠶᠠᠨ ᠰᠡᠷᠭᠦᠭᠡᠬᠦ ᠵᠢᠯᠣᠭᠤᠳᠬᠤ ᠰᠠᠨᠠᠯ︾ ᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠ ᠪᠤᠷᠢᠵᠢᠭᠤᠯᠵᠤ᠂ ᠢᠳᠡᠭᠡᠨ ᠤᠮᠳᠠᠭᠠᠨ ᠤ ᠦᠶᠯᠡᠴᠢᠯᠡᠭᠡᠨ  ᠤ ᠦᠶᠯᠡᠰ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠨ ᠲᠦᠮᠡᠨ ᠤ ᠦᠪᠡᠷ ᠢ ᠪᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1