ᠰᠤᠷᠪᠤᠯᠵᠢᠯᠠᠭᠰᠠᠨ ᠴᠠᠭ᠄ 2020 ᠣᠨ ᠤ 02 ᠳ᠋ᠤᠭᠠᠷ ᠰᠠᠷ᠎ᠠ ᠶᠢᠨ 28 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ | ᠳᠠᠷᠤᠭ᠎ᠠ ᠵᠢᠶᠠ ᠯᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 243 ᠳ᠋ᠤᠭᠠᠷ | ᠲᠣᠭᠠᠲᠤ ᠵᠠᠷᠯᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠪᠠ | ᠲᠣᠭᠲᠠᠭᠠᠯ︾ ᠭᠡᠵᠦ ᠲᠣᠪᠴᠢᠯᠠᠨ᠎ᠠ︶ ᠢ ᠨᠢᠭᠡᠨᠲᠡ 2019 ᠣᠨ ᠤ 11 ᠳ᠋ᠦ᠋ᠭᠡᠷ ᠰᠠᠷ᠎ᠠ 28 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2019 ᠣᠨ ᠤ 24 ᠳ᠋ᠦ᠋ᠭᠡᠷ ᠤᠳᠠᠭᠠᠨ ᠤ | ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2020 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ︽ᠳᠡᠰ ᠳᠠᠷᠠᠭᠠᠯᠠᠯ ᠪᠠ ᠲᠣᠭᠲᠠᠭᠠᠯ︾ ᠢ | ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ | ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 243 ᠳ᠋ᠤᠭᠠᠷ | ᠲᠣᠭᠠᠲᠤ ᠵᠠᠷᠯᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠪᠠ | ᠲᠣᠭᠲᠠᠭᠠᠯ︾ ᠭᠡᠵᠦ ᠲᠣᠪᠴᠢᠯᠠᠨ᠎ᠠ︶ ᠢ ᠨᠢᠭᠡᠨᠲᠡ 2019 ᠣᠨ ᠤ 11 ᠳ᠋ᠦ᠋ᠭᠡᠷ ᠰᠠᠷ᠎ᠠ 28 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2019 ᠣᠨ ᠤ 24 ᠳ᠋ᠦ᠋ᠭᠡᠷ ᠤᠳᠠᠭᠠᠨ ᠤ | ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2020 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ︽ᠳᠡᠰ ᠳᠠᠷᠠᠭᠠᠯᠠᠯ ᠪᠠ ᠲᠣᠭᠲᠠᠭᠠᠯ︾ ᠢ | ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ | ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ | ᠳᠠᠷᠤᠭ᠎ᠠ ᠵᠢᠶᠠ ᠯᠢ ᠶᠢ ᠤᠷᠢᠵᠤ᠂ ᠲᠡᠭᠦᠨ ᠢᠶᠠᠷ ᠪᠢᠳᠡᠨ ᠳᠤ ︽ᠳᠡᠰ ᠳᠠᠷᠠᠭᠠᠯᠠᠯ ᠪᠠ ᠲᠣᠭᠲᠠᠭᠠᠯ︾ ᠤᠨ ᠬᠠᠮᠢᠶ᠎ᠠ | ᠪᠦᠬᠦᠢ ᠠᠭᠤᠯᠭ᠎ᠠ ᠳᠤ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠠᠷ ᠪᠣᠯᠣᠯ᠎ᠠ᠃ | ᠵᠢᠶᠠ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠵᠢᠶᠠ ᠯᠢ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ | ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠵᠢᠶᠠ ᠯᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠢ ᠲᠣᠭᠲᠠᠭᠠᠬᠤ ᠲᠣᠭᠲᠠᠭᠠᠯ︾᠂ ᠳᠠᠷᠤᠢ 91 ᠳ᠋ᠦ᠋ᠭᠡᠷ ᠲᠣᠭᠠᠲᠤ ᠵᠠᠷᠯᠢᠭ ᠢ 1998 ᠣᠨ ᠳᠤ | ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠣᠨ ᠤ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠣᠭᠲᠠᠭᠠᠯ ᠤᠨ ᠶᠠᠰᠤ ᠴᠢᠨᠠᠷ ᠢ | ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠪᠠ ᠤᠯᠤᠰ ᠢ ᠪᠦᠬᠦ ᠲᠠᠯ᠎ᠠ ᠪᠠᠷ ᠬᠠᠤᠯᠢ ᠶᠣᠰᠣᠭᠠᠷ ᠵᠠᠰᠠᠬᠤ ᠠᠬᠢᠴᠠ ᠶᠢ ᠲᠠᠰᠤᠷᠠᠯᠲᠠ ᠦᠭᠡᠢ | ᠠᠬᠢᠭᠤᠯᠬᠤ ᠶᠢ ᠳᠠᠭᠠᠯᠳᠤᠨ᠂ ᠣᠨᠴᠠᠭᠠᠶᠢᠯᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ | ᠲᠣᠭᠲᠠᠭᠠᠬᠤ ᠬᠠᠤᠯᠢ︾ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠳᠦᠷᠢᠮ ᠲᠣᠭᠲᠠᠭᠠᠯ ᠢ ᠲᠣᠭᠲᠠᠭᠠᠬᠤ | ᠳᠠᠰ ᠳᠠᠷᠠᠭᠠᠯᠠᠯ ᠤᠨ ᠳᠦᠷᠢᠮ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ 91 ᠳ᠋ᠦ᠋ᠭᠡᠷ ᠲᠣᠭᠠᠲᠤ ᠵᠠᠷᠯᠢᠭ ᠤᠨ | ᠳᠣᠲᠣᠷᠠᠬᠢ ᠵᠠᠷᠢᠮ ᠠᠭᠤᠯᠭ᠎ᠠ ᠨᠢ ᠳᠡᠭᠡᠳᠦ ᠪᠠᠶᠢᠷᠢᠨ ᠤ ᠬᠠᠤᠯᠢ ᠲᠠᠢ ᠬᠠᠷᠢᠯᠴᠠᠨ ᠨᠢᠭᠡᠳᠦᠯ ᠦᠭᠡᠢ ᠪᠣᠯᠵᠤ᠂ | ᠨᠢᠭᠡᠨᠲᠡ ᠬᠠᠤᠯᠢ ᠲᠣᠭᠲᠠᠭᠠᠬᠤ ᠠᠵᠢᠯ ᠤᠨ ᠱᠠᠭᠠᠷᠳᠠᠯᠭ᠎ᠠ ᠲᠠᠢ ᠵᠣᠬᠢᠴᠠᠵᠤ ᠴᠢᠳᠠᠬᠤ ᠦᠭᠡᠢ ᠪᠣᠯᠵᠠᠢ᠃ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ | ᠲᠣᠭᠲᠠᠭᠠᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠤᠰᠠᠳᠠ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠰ ᠳᠠᠷᠠᠭᠠᠯᠠᠯ ᠢ ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ | ᠪᠠᠶᠢᠨ᠎ᠠ᠃ | ᠬᠥᠲᠥᠯᠥᠭᠴᠢ᠄ ︽ᠳᠡᠰ ᠳᠠᠷᠠᠭᠠᠯᠠᠯ ᠪᠠ ᠲᠣᠭᠲᠠᠭᠠᠯ︾ ᠤᠨ ᠶᠡᠷᠦᠩᠬᠡᠢ ᠰᠡᠳᠬᠢᠮᠵᠢ ᠪᠠ ᠭᠤᠣᠯ | ᠠᠭᠤᠯᠭ᠎ᠠ ᠨᠢ ᠶᠠᠭᠤ ᠪᠣᠢ︖ | ᠵᠢᠶᠠ ᠯᠢ᠄ ︽ᠳᠡᠰ ᠳᠠᠷᠠᠭᠠᠯᠠᠯ ᠪᠠ ᠲᠣᠭᠲᠠᠭᠠᠯ︾ ᠤᠨ ᠨᠢᠭᠡᠳᠦᠭᠡᠷ ᠪᠦᠯᠦᠭ ᠶᠡᠷᠦᠩᠬᠡᠢ ᠳᠦᠷᠢᠮ ᠪᠠ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ ᠠᠴᠠ ᠭᠠᠳᠠᠨ᠎ᠠ᠂ ᠬᠤᠶᠠᠳᠤᠭᠠᠷ ᠪᠦᠯᠦᠭ ᠠᠴᠠ ᠵᠢᠷᠭᠤᠳᠤᠭᠠᠷ | ᠪᠦᠯᠦᠭ ᠬᠦᠷᠲᠡᠯ᠎ᠡ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠳᠠᠰ ᠳᠠᠷᠠᠭᠠᠯᠠᠯ ᠤᠨ ᠠᠯᠬᠤᠮ ᠳᠠᠷᠠᠭ᠎ᠠ | ᠶᠣᠰᠣᠭᠠᠷ ᠲᠣᠬᠢᠷᠠᠭᠤᠯᠤᠨ᠂ ᠬᠤᠶᠠᠳᠤᠭᠠᠷ ᠪᠦᠯᠦᠭ ᠲᠥᠷᠥᠯ ᠵᠦᠢᠯ ᠢ ᠲᠣᠭᠲᠠᠭᠠᠬᠤ᠂ ᠭᠤᠷᠪᠠᠳᠤᠭᠠᠷ ᠪᠦᠯᠦᠭ | ᠲᠤᠭᠤᠷᠪᠢᠬᠤ᠂ ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ᠂ ᠲᠠᠪᠤᠳᠤᠭᠠᠷ ᠪᠦᠯᠦᠭ ᠲᠣᠭᠲᠠᠭᠠᠬᠤ ᠪᠠ ᠨᠡᠶᠢᠲᠡᠯᠡᠬᠦ᠂ | ᠵᠢᠷᠭᠤᠳᠤᠭᠠᠷ ᠪᠦᠯᠦᠭ ᠪᠦᠷᠢᠳᠬᠡᠨ ᠳᠠᠩᠰᠠᠯᠠᠵᠤ ᠲᠠᠶᠢᠯᠪᠤᠷᠢᠯᠠᠬᠤ ᠪᠠ ᠦᠨᠡᠯᠡᠨ ᠵᠢᠱᠢᠬᠦ ᠭᠡᠬᠦ ᠮᠡᠲᠦ ᠪᠠᠷ | ᠲᠣᠬᠢᠷᠠᠭᠤᠯᠤᠨ᠂ ᠳᠠᠰ ᠳᠠᠷᠠᠭᠠᠯᠠᠯ ᠪᠦᠷᠢ ᠳᠤ ᠨᠠᠷᠢᠨ ᠲᠣᠳᠣᠷᠬᠠᠢ ᠲᠣᠭᠲᠠᠭᠠᠯ ᠭᠠᠷᠭᠠᠵᠤ᠂ ᠮᠠᠰᠢ ᠴᠢᠩᠭ᠎ᠠ | ᠵᠢᠯᠣᠭᠤᠳᠬᠤ ᠴᠢᠨᠠᠷ ᠲᠠᠢ ᠪᠠᠶᠢᠳᠠᠭ᠃ | ᠬᠥᠲᠥᠯᠥᠭᠴᠢ᠄ ᠡᠭᠦᠨ ᠠᠴᠠ ᠡᠮᠦᠨᠡᠬᠢ 91 ᠳ᠋ᠦ᠋ᠭᠡᠷ ᠲᠣᠭᠠᠲᠤ ᠵᠠᠷᠯᠢᠭ ᠲᠠᠢ ᠬᠠᠷᠢᠴᠠᠭᠤᠯᠪᠠᠯ᠂ ᠵᠠᠰᠠᠪᠤᠷᠢ | ᠣᠷᠣᠭᠤᠯᠤᠭᠰᠠᠨ ᠭᠢᠯᠠᠰ ᠴᠡᠭ ᠨᠢ ᠶᠠᠭᠤ ᠪᠣᠢ︖ | ᠵᠢᠶᠠ ᠯᠢ᠄ ︽ᠳᠠᠰ ᠳᠠᠷᠠᠭᠠᠯᠠᠯ ᠪᠠ ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠭᠢᠯᠠᠰ ᠴᠡᠭ ᠨᠢ | ᠭᠤᠣᠯᠳᠠᠭᠤ ᠳᠣᠣᠷᠠᠬᠢ ᠳᠥᠷᠪᠡᠨ ᠲᠠᠯ᠎ᠠ ᠪᠣᠢ᠄ | ᠨᠢᠭᠡ ᠳᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠲᠠᠯ᠎ᠠ ᠪᠠᠷ᠂ ᠤᠯᠤᠰ ᠲᠥᠷᠥ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠵᠠᠰᠠᠭ ᠤᠨ | ᠣᠷᠳᠣᠨ ᠤ ᠲᠥᠬᠦᠷ ᠳᠦᠷᠢᠮ ᠲᠣᠭᠲᠠᠭᠠᠯ ᠪᠠ ᠠᠵᠤ ᠠᠬᠤᠢ ᠨᠡᠶᠢᠭᠡᠮ ᠤᠨ ᠲᠠᠯ᠎ᠠ ᠶᠢᠨ ᠵᠠᠰᠠᠭ ᠤᠨ ᠣᠷᠳᠣᠨ ᠤ | ᠴᠢᠬᠤᠯᠠ ᠶᠡᠭᠡ ᠳᠦᠷᠢᠮ ᠲᠣᠭᠲᠠᠭᠠᠯ ᠢ ᠲᠣᠭᠲᠠᠭᠠᠬᠤ ᠳᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ | ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠢ | ᠱᠠᠭᠠᠷᠳᠠᠪᠠ᠃ | ᠬᠤᠶᠠᠷ ᠲᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠨᠤᠲᠠᠯᠠᠯᠲᠠ ᠬᠢᠵᠦ | ᠠᠰᠠᠭᠤᠨ ᠯᠠᠪᠠᠯᠬᠤ ᠳᠦᠷᠢᠮ ᠢ ᠲᠣᠭᠲᠠᠭᠠᠪᠠ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ | ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠨᠢ ᠨᠡᠶᠢᠭᠡᠮ ᠤᠨ ᠣᠯᠠᠨ ᠲᠦᠮᠡᠨ ᠤ | ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷᠳᠡᠯ ᠲᠠᠢ ᠠᠰᠠᠭᠤᠳᠠᠯ | ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠤᠶᠢᠮ᠎ᠠ ᠵᠥᠷᠢᠴᠡᠯ ᠳᠤ ᠬᠤᠯᠪᠣᠭᠳᠠᠵᠤ᠂ | ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠠᠰᠢᠭ ᠲᠤᠰᠠ ᠶᠢ | ᠬᠤᠬᠢᠷᠠᠭᠤᠯᠬᠤ ᠪᠤᠶᠤ ᠲᠡᠳᠡ ᠨᠠᠷ ᠤᠨ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠤᠨ ᠣᠯᠠᠨ ᠲᠦᠮᠡᠨ ᠳᠤ ᠴᠢᠬᠤᠯᠠ | ᠨᠥᠯᠥᠭᠡ ᠦᠵᠡᠭᠦᠯᠬᠦ ᠵᠡᠷᠭᠡ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠵᠦᠢᠯᠡᠰ ᠲᠤ᠂ | ᠲᠤᠭᠤᠷᠪᠢᠬᠤ ᠨᠢᠭᠡᠴᠢ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠷᠬᠡᠪᠰᠢ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ᠃ ᠨᠤᠲᠠᠯᠠᠯᠲᠠ ᠬᠢᠵᠦ | ᠠᠰᠠᠭᠤᠨ ᠯᠠᠪᠠᠯᠬᠤ ᠳᠤ ᠶᠠᠷᠢᠯᠴᠠᠭᠠᠨ ᠤ ᠬᠤᠷᠠᠯ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ | ᠬᠤᠷᠠᠯᠳᠤᠭᠤᠯᠬᠤ ᠪᠠ ᠨᠠᠶᠢᠳᠠᠨ ᠰᠤᠳᠤᠯᠤᠯᠲᠠ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ ᠪᠣᠯᠣᠨ᠎ᠠ᠃ | | ᠭᠤᠷᠪᠠ ᠳᠤ᠂ ᠭᠤᠷᠪᠠᠳᠠᠭᠴᠢ ᠲᠠᠯ᠎ᠠ ᠳᠤ ᠨᠠᠶᠢᠳᠠᠨ ᠲᠤᠭᠤᠷᠪᠢᠬᠤ ᠪᠠ ᠭᠤᠷᠪᠠᠳᠠᠭᠴᠢ ᠲᠠᠯ᠎ᠠ ᠶᠢᠨ ᠬᠢᠨ ᠤ | ᠦᠨᠡᠯᠡᠯᠲᠡ ᠵᠢᠱᠢᠯᠲᠡ ᠶᠢ ᠬᠥᠲᠥᠯᠥᠨ ᠣᠷᠣᠭᠤᠯᠬᠤ ᠳᠦᠷᠢᠮ ᠢ ᠲᠣᠭᠲᠠᠭᠠᠪᠠ᠃ ᠲᠤᠰᠬᠠᠢ ᠮᠡᠷᠭᠡᠵᠢᠯ ᠤᠨ | ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠢ ᠲᠤᠭᠤᠷᠪᠢᠬᠤ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ | ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ | ᠨᠠᠶᠢᠳᠠᠨ ᠲᠤᠭᠤᠷᠪᠢᠵᠤ ᠪᠣᠯᠣᠨ᠎ᠠ᠃ ᠨᠡᠯᠢᠶᠡᠳ ᠶᠡᠭᠡ ᠮᠠᠷᠭᠤᠯᠳᠤᠭᠠᠨ ᠲᠠᠢ ᠴᠢᠬᠤᠯᠠ ᠵᠦᠢᠯᠡᠰ ᠲᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠨ ᠦᠨᠡᠯᠡᠯᠲᠡ ᠵᠢᠱᠢᠯᠲᠡ ᠬᠢᠯᠭᠡᠵᠦ | ᠪᠣᠯᠣᠨ᠎ᠠ᠃ | ᠳᠥᠷᠪᠡ ᠳᠤ᠂ ᠬᠠᠤᠯᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠳᠦᠷᠢᠮ ᠢ ᠲᠣᠭᠲᠠᠭᠠᠪᠠ᠃ | | ᠬᠥᠲᠥᠯᠥᠭᠴᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ | ᠲᠣᠭᠲᠠᠭᠠᠬᠤ ᠶᠢ ᠠᠬᠢᠭᠤᠯᠵᠤ᠂ ᠡᠷᠡᠭᠦᠯ ᠪᠥᠭᠡᠳ ᠠᠰᠢᠭᠲᠠᠢ ᠬᠠᠤᠯᠢ ᠲᠣᠭᠲᠠᠭᠠᠯ ᠢᠶᠠᠷ ᠬᠥᠭᠵᠢᠯᠲᠡ ᠶᠢ ᠠᠬᠢᠭᠤᠯᠤᠨ | ᠂ ᠴᠢᠳᠠᠮᠠᠭᠠᠢ ᠪᠠᠷ ᠵᠠᠰᠠᠬᠤ ᠶᠢ ᠪᠠᠲᠤᠯᠠᠬᠤ ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠠᠷᠠᠳᠴᠢᠯᠠᠯ ᠢᠶᠠᠷ ᠬᠠᠤᠯᠢ | ᠲᠣᠭᠲᠠᠭᠠᠬᠤ ᠶᠢ ᠠᠬᠢᠭᠤᠯᠬᠤ ᠲᠠᠯ᠎ᠠ ᠪᠠᠷ᠂ ︽ᠳᠡᠰ ᠳᠠᠷᠠᠭᠠᠯᠠᠯ ᠪᠠ ᠲᠣᠭᠲᠠᠭᠠᠯ︾ ᠳᠤ ᠶᠠᠮᠠᠷ ᠶᠠᠮᠠᠷ ᠪᠣᠳᠠᠲᠠᠢ | ᠲᠣᠭᠲᠠᠭᠠᠯ ᠭᠠᠷᠭᠠᠭᠰᠠᠨ ᠪᠣᠢ︖ | ᠵᠢᠶᠠ ᠯᠢ᠄ ︽ᠳᠠᠰ ᠳᠠᠷᠠᠭᠠᠯᠠᠯ ᠪᠠ ᠲᠣᠭᠲᠠᠭᠠᠯ︾ ᠨᠢ ᠲᠥᠷᠥᠯ ᠵᠦᠢᠯ ᠢ ᠲᠣᠭᠲᠠᠭᠠᠬᠤ᠂ ᠲᠤᠭᠤᠷᠪᠢᠬᠤ᠂ | ᠬᠢᠨᠠᠨ ᠪᠠᠶᠢᠴᠠᠭᠠᠬᠤ᠂ ᠨᠡᠶᠢᠲᠡᠯᠡᠬᠦ ᠵᠡᠷᠭᠡ ᠲᠠᠯ᠎ᠠ ᠪᠠᠷ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠠᠬᠢᠭᠤᠯᠬᠤ | ᠲᠤᠬᠠᠢ ᠬᠠᠮᠢᠶ᠎ᠠ ᠪᠦᠬᠦᠢ ᠲᠣᠭᠲᠠᠭᠠᠯ ᠭᠠᠷᠭᠠᠪᠠ᠄ | ᠲᠥᠷᠥᠯ ᠵᠦᠢᠯ ᠢ ᠲᠣᠭᠲᠠᠭᠠᠬᠤ ᠲᠠᠯ᠎ᠠ ᠪᠠᠷ᠂ ᠠᠷᠪᠠᠳᠤᠭᠠᠷ ᠵᠤᠷᠪᠤᠰ ᠲᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠫᠤᠷᠲ᠋ᠧᠯ ᠰᠦᠯᠵᠢᠶ᠎ᠡ ᠪᠤᠶᠤ ᠪᠤᠰᠤᠳ ᠬᠡᠯᠪᠡᠷᠢ ᠪᠠᠷ ᠳᠠᠮᠵᠢᠭᠤᠯᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ | ᠵᠦᠢᠯ ᠤᠨ ᠲᠤᠬᠠᠢ ᠰᠠᠨᠠᠭᠤᠯᠭ᠎ᠠ ᠶᠢ ᠨᠡᠶᠢᠭᠡᠮ ᠠᠴᠠ ᠢᠯᠡ ᠪᠠᠷ ᠬᠤᠷᠢᠶᠠᠨ ᠴᠤᠭᠯᠠᠭᠤᠯᠵᠤ ᠪᠣᠯᠣᠨ᠎ᠠ᠃ | ᠲᠤᠭᠤᠷᠪᠢᠬᠤ ᠲᠠᠯ᠎ᠠ ᠪᠠᠷ᠂ ᠨᠢᠭᠡ ᠳᠤ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠪᠠᠷ ᠱᠠᠭᠠᠷᠳᠠᠵᠤ | ᠪᠠᠶᠢᠭ᠎ᠠ ᠠᠴᠠ ᠭᠠᠳᠠᠨ᠎ᠠ᠂ ᠲᠤᠭᠤᠷᠪᠢᠬᠤ ᠨᠢᠭᠡᠴᠢ ᠠᠴᠠ ᠡᠬᠡ ᠲᠥᠰᠥᠯ ᠵᠢᠴᠢ ᠲᠣᠳᠣᠷᠬᠠᠶᠢᠯᠠᠯᠲᠠ ᠵᠡᠷᠭᠡ ᠶᠢ | ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠬᠤ ᠬᠡᠷᠡᠭᠲᠡᠢ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ | ᠬᠤᠭᠤᠴᠠᠭᠠᠨ ᠤ ᠬᠢᠵᠠᠭᠠᠷ ᠨᠢ ᠶᠡᠷᠦᠳᠡ ᠪᠠᠨ ᠭᠤᠴᠢᠨ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ︔ | ᠬᠤᠶᠠᠷ ᠲᠤ᠂ ᠨᠡᠶᠢᠭᠡᠮ ᠤᠨ ᠣᠯᠠᠨ ᠲᠦᠮᠡᠨ ᠤ ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠭᠤᠨ | ᠴᠡᠭ ᠤᠨ ᠠᠰᠠᠭᠤᠳᠠᠯ᠂ ᠬᠦᠴᠢᠷᠳᠡᠯ ᠲᠠᠢ ᠠᠰᠠᠭᠤᠳᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ | ᠲᠤᠯᠭᠠᠷᠠᠭᠰᠠᠨ ᠲᠣᠪᠤᠶᠢᠮ᠎ᠠ ᠵᠥᠷᠢᠴᠡᠯ ᠳᠤ ᠬᠤᠯᠪᠣᠭᠳᠠᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ | ᠪᠤᠰᠤᠳ ᠵᠣᠬᠢᠶᠠᠨ ᠪᠠᠶᠢᠭᠤᠯᠤᠯᠲᠠ ᠶᠢᠨ ᠠᠰᠢᠭ ᠲᠤᠰᠠ ᠶᠢ ᠬᠤᠬᠢᠷᠠᠭᠤᠯᠬᠤ ᠪᠤᠶᠤ ᠲᠡᠳᠡ ᠨᠠᠷ ᠤᠨ ᠡᠭᠦᠷᠭᠡ ᠶᠢ | ᠨᠡᠮᠡᠭᠳᠡᠭᠦᠯᠵᠦ᠂ ᠨᠡᠶᠢᠭᠡᠮ ᠤᠨ ᠣᠯᠠᠨ ᠲᠦᠮᠡᠨ ᠳᠤ ᠴᠢᠬᠤᠯᠠ ᠨᠥᠯᠥᠭᠡ ᠦᠵᠡᠭᠦᠯᠬᠦ ᠵᠡᠷᠭᠡ ᠴᠢᠬᠤᠯᠠ ᠶᠡᠭᠡ ᠠᠰᠢᠭ | ᠲᠤᠰᠠ ᠳᠤ ᠲᠣᠬᠢᠷᠠᠭᠤᠯᠤᠯᠲᠠ ᠬᠢᠬᠦ ᠵᠦᠢᠯᠡᠰ ᠲᠤ᠂ ᠲᠤᠭᠤᠷᠪᠢᠬᠤ ᠨᠢᠭᠡᠴᠢ ᠠᠴᠠ ᠡᠷᠬᠡᠪᠰᠢ ᠨᠤᠲᠠᠯᠠᠯᠲᠠ ᠬᠢᠬᠦ ᠪᠠ | ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︔ | ᠭᠤᠷᠪᠠ ᠳᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠬᠤ ᠪᠤᠶᠤ ᠴᠢᠬᠤᠯᠠ | ᠶᠡᠭᠡ ᠰᠠᠨᠠᠯ ᠵᠥᠷᠢᠯᠳᠦᠭᠡᠨ ᠣᠷᠣᠰᠢᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠡᠷᠬᠡ ᠡᠭᠦᠷᠭᠡ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ᠠᠷᠠᠳ ᠲᠦᠮᠡᠨ ᠠᠴᠠ | ᠨᠡᠶᠢᠳᠡᠮ ᠳᠤ ᠪᠠᠨ ᠠᠩᠬᠠᠷᠤᠯ ᠲᠠᠯᠪᠢᠵᠤ᠂ ᠭᠡᠷᠡᠴᠢᠯᠡᠭᠡ ᠰᠣᠨᠣᠰᠬᠤ ᠴᠢᠬᠤᠯᠠᠲᠠᠢ ᠪᠣᠯ᠂ ᠲᠤᠭᠤᠷᠪᠢᠬᠤ ᠨᠢᠭᠡᠴᠢ ᠠᠴᠠ | ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠡᠷᠡᠭᠲᠡᠢ︔ ᠳᠥᠷᠪᠡ ᠳᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠲᠤᠭᠤᠷᠪᠢᠬᠤ ᠨᠢᠭᠡᠴᠢ ᠠᠴᠠ ᠤᠯᠤᠰ | ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠬᠡ ᠲᠡᠭᠰᠢ ᠪᠠᠷ | ᠥᠷᠢᠰᠦᠯᠳᠦᠭᠦᠯᠵᠦ ᠬᠢᠨᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠠᠨᠠᠯ ᠢ ᠰᠣᠨᠣᠰᠬᠤ ᠬᠡᠷᠡᠭᠲᠡᠢ᠃ | ᠬᠢᠨᠠᠨ ᠪᠠᠶᠢᠴᠠᠭᠠᠬᠤ ᠲᠠᠯ᠎ᠠ ᠪᠠᠷ᠂ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠬᠡ ᠲᠥᠰᠥᠯ ᠤᠨ ᠬᠢᠨᠠᠭᠤᠯᠬᠤ | ᠨᠣᠣᠷᠠᠭ ᠵᠢᠴᠢ ᠲᠣᠳᠣᠷᠬᠠᠶᠢᠯᠠᠯᠲᠠ ᠳᠤ ᠬᠢᠨᠠᠯᠲᠠ ᠪᠠᠶᠢᠴᠠᠭᠠᠯᠲᠠ ᠬᠢᠬᠦ ᠳᠤ ᠨᠡᠶᠢᠭᠡᠮ ᠳᠤ ᠵᠠᠷᠯᠠᠨ ᠨᠡᠶᠢᠲᠡᠯᠡᠵᠦ᠂ | ᠨᠡᠶᠢᠭᠡᠮ ᠳᠤ ᠵᠠᠷᠯᠠᠨ ᠨᠡᠶᠢᠲᠡᠯᠡᠬᠦ ᠢᠯᠡ ᠪᠠᠷ ᠰᠠᠨᠠᠯ ᠬᠤᠷᠢᠶᠠᠬᠤ ᠬᠤᠭᠤᠴᠠᠭᠠᠨ ᠤ ᠬᠢᠵᠠᠭᠠᠷ ᠨᠢ ᠭᠤᠴᠢᠨ | ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ ᠬᠤᠶᠠᠷ ᠲᠤ᠂ ᠴᠢᠬᠤᠯᠠ ᠶᠡᠭᠡ ᠠᠰᠢᠭ ᠲᠤᠰᠠ ᠳᠤ | ᠲᠣᠬᠢᠷᠠᠭᠤᠯᠤᠯᠲᠠ ᠬᠢᠬᠦ ᠳᠤ ᠬᠤᠯᠪᠣᠭᠳᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠤᠲᠠᠯᠠᠯᠲᠠ ᠬᠢᠬᠦ ᠪᠠ ᠠᠰᠠᠭᠤᠨ | ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︔ ᠨᠤᠲᠠᠯᠠᠯᠲᠠ | ᠬᠢᠵᠦ ᠠᠰᠠᠭᠤᠨ ᠯᠠᠪᠠᠯᠬᠤ ᠳᠤ ᠶᠠᠷᠢᠯᠴᠠᠭᠠᠨ ᠤ ᠬᠤᠷᠠᠯ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ | ᠬᠤᠷᠠᠯ ᠬᠤᠷᠠᠯᠳᠤᠭᠤᠯᠬᠤ ᠪᠠ ᠨᠠᠶᠢᠳᠠᠨ ᠰᠤᠳᠤᠯᠤᠯᠲᠠ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ | ᠪᠣᠯᠣᠨ᠎ᠠ᠃ | ᠵᠠᠷᠯᠠᠨ ᠨᠡᠶᠢᠲᠡᠯᠡᠬᠦ ᠲᠠᠯ᠎ᠠ ᠪᠠᠷ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠭᠠᠷ ᠤᠨ ᠦᠰᠦᠭ | ᠵᠢᠷᠤᠵᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠴᠠᠭ ᠲᠤᠬᠠᠢ ᠳᠤ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︽ᠥᠪᠥᠷ ᠮᠣᠩᠭᠤᠯ ᠤᠨ ᠡᠳᠦᠷ ᠤᠨ ᠰᠣᠨᠢᠨ︾ | ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠤ ᠨᠡᠶᠢᠲᠡᠯᠡᠬᠦ | ᠬᠡᠷᠡᠭᠲᠡᠢ᠃ ᠨᠡᠶᠢᠲᠡᠯᠡᠬᠦ ᠦᠶ᠎ᠡ ᠳᠤ᠂ ᠮᠣᠩᠭᠤᠯ᠂ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠬᠦ | ᠬᠡᠷᠡᠭᠲᠡᠢ᠃ | ᠬᠥᠲᠥᠯᠥᠭᠴᠢ᠄ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠬᠢᠨᠠᠯᠲᠠ ᠪᠠᠶᠢᠴᠠᠭᠠᠯᠲᠠ ᠬᠢᠬᠦ ᠦᠶ᠎ᠡ ᠳᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠢᠮ ᠴᠢᠬᠤᠯᠠ ᠵᠦᠢᠯᠡᠰ ᠲᠤ ᠠᠳᠠᠯᠢ ᠪᠤᠰᠤ ᠰᠠᠨᠠᠯ ᠲᠠᠢ ᠪᠣᠯ᠂ | ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠬᠡᠷᠬᠢᠨ ᠰᠢᠢᠳᠪᠦᠷᠢᠯᠡᠬᠦ ᠴᠢᠬᠤᠯᠠᠲᠠᠢ ᠪᠣᠢ︖ | ᠵᠢᠶᠠ ᠯᠢ᠄ ᠡᠨᠡ ᠬᠦ ᠠᠰᠠᠭᠤᠳᠠᠯ ᠤᠨ ᠲᠤᠬᠠᠢ᠂ ︽ᠳᠡᠰ ᠳᠠᠷᠠᠭᠠᠯᠠᠯ ᠪᠠ ᠲᠣᠭᠲᠠᠭᠠᠯ︾ ᠤᠨ 28 ᠳ᠋ᠤᠭᠠᠷ | ᠵᠤᠷᠪᠤᠰ ᠲᠤ ︽ᠬᠤᠯᠪᠣᠭᠳᠠᠯ ᠪᠦᠬᠦᠢ ᠪᠠᠶᠢᠭᠤᠯᠭ᠎ᠠ ᠪᠤᠶᠤ ᠰᠠᠯᠠᠭ᠎ᠠ ᠮᠥᠴᠢᠷ ᠠᠴᠠ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠷᠭ᠎ᠠ ᠬᠡᠮᠵᠢᠶ᠎ᠡ᠂ | ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠶᠢᠨ ᠬᠢᠵᠠᠭᠠᠷ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ | ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠴᠠᠭᠤᠯᠤᠯᠲᠠ ᠬᠢᠵᠦ᠂ ᠨᠢᠭᠡᠳᠦᠯᠲᠡᠢ ᠰᠠᠨᠠᠯ ᠢ ᠴᠢᠷᠮᠠᠶᠢᠨ ᠪᠣᠢ | ᠪᠣᠯᠭᠠᠬᠤ ᠬᠡᠷᠡᠭᠲᠡᠢ᠃ ᠨᠡᠯᠢᠶᠡᠳ ᠶᠡᠭᠡ ᠮᠠᠷᠭᠤᠯᠳᠤᠭᠠᠨ ᠲᠠᠢ ᠴᠢᠬᠤᠯᠠ ᠦᠢᠯᠡᠰ ᠲᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠯᠲᠡ ᠵᠢᠱᠢᠯᠲᠡ ᠬᠢᠯᠭᠡᠬᠦ ᠬᠡᠷᠡᠭᠲᠡᠢ᠃ | ᠭᠦᠢᠴᠡᠳ ᠵᠣᠬᠢᠴᠠᠭᠤᠯᠤᠯᠲᠠ ᠬᠢᠭᠰᠡᠨ ᠪᠣᠯᠪᠠᠴᠤ ᠨᠢᠭᠡᠳᠦᠯᠲᠡᠢ ᠰᠠᠨᠠᠯ ᠢ ᠪᠣᠢ ᠪᠣᠯᠭᠠᠵᠤ ᠴᠢᠳᠠᠬᠤ ᠦᠭᠡᠢ ᠪᠣᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠭᠤᠣᠯ ᠠᠰᠠᠭᠤᠳᠠᠯ᠂ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ | ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠣᠬᠢᠴᠠᠭᠤᠯᠤᠯᠲᠠ ᠬᠢᠯᠭᠡᠬᠦ᠂ | ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯ | ᠭᠠᠷᠭᠠᠯᠭᠠᠬᠤ ᠬᠡᠷᠡᠭᠲᠡᠢ︾ ᠭᠡᠵᠦ ᠲᠣᠭᠲᠠᠭᠠᠵᠠᠢ᠃ | ᠬᠥᠲᠥᠯᠥᠭᠴᠢ᠄ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠶᠢ ᠥᠷᠨᠢᠭᠦᠯᠬᠦ ᠪᠣᠯ ᠬᠠᠤᠯᠢ | ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠦᠷ᠎ᠡ ᠪᠦᠲᠦᠭᠡᠯ ᠢ ᠰᠢᠯᠭᠠᠨ ᠬᠢᠨᠠᠵᠤ ᠪᠠᠷᠢᠮᠵᠢᠶᠠᠯᠠᠬᠤ ᠴᠢᠬᠤᠯᠠ | ᠳᠦᠷᠢᠮ ᠪᠣᠯᠣᠨ᠎ᠠ᠃ ᠲᠡᠭᠡᠪᠡᠯ ᠲᠠᠨ ᠤ ᠰᠠᠶ᠋ᠢᠬᠠᠨ ᠳᠤᠷᠠᠳᠤᠭᠰᠠᠨ ︽ᠳᠡᠰ ᠳᠠᠷᠠᠭᠠᠯᠠᠯ ᠪᠠ ᠲᠣᠭᠲᠠᠭᠠᠯ︾ ᠳᠤ | ᠲᠣᠭᠲᠠᠭᠠᠭᠰᠠᠨ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠬᠦ ᠳᠦᠷᠢᠮ ᠳᠤ ᠪᠣᠳᠠᠲᠠᠢ ᠪᠠᠷ | ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖ | ᠵᠢᠶᠠ ᠯᠢ᠄ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠬᠦ ᠳᠦᠷᠢᠮ ᠤᠨ ᠲᠤᠬᠠᠢ᠂ | ︽ᠳᠡᠰ ᠳᠠᠷᠠᠭᠠᠯᠠᠯ ᠪᠠ ᠲᠣᠭᠲᠠᠭᠠᠯ︾ ᠤᠨ 38᠂ 39᠂ 40 ᠳ᠋ᠦ᠋ᠭᠡᠷ ᠵᠤᠷᠪᠤᠰ ᠲᠤ ᠪᠣᠳᠠᠲᠠᠢ ᠪᠠᠷ ᠲᠣᠭᠲᠠᠭᠠᠯ | ᠭᠠᠷᠭᠠᠪᠠ᠃ | 38 ᠳ᠋ᠤᠭᠠᠷ ᠵᠤᠷᠪᠤᠰ ᠲᠤ ︽ᠬᠠᠤᠯᠢ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠦᠨᠡᠯᠡᠯᠲᠡ ᠵᠢᠱᠢᠯᠲᠡ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ᠂ | ᠦᠨᠡᠯᠡᠨ ᠵᠢᠱᠢᠭᠰᠡᠨ ᠦᠷ᠎ᠡ ᠳ᠋ᠦᠩ ᠢᠶᠠᠷ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ | ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ ᠪᠣᠯᠣᠨ᠎ᠠ︾ ᠭᠡᠵᠦ | ᠲᠣᠭᠲᠠᠭᠠᠵᠠᠢ᠃ | 39 ᠳ᠋ᠦ᠋ᠭᠡᠷ ᠵᠤᠷᠪᠤᠰ ᠲᠤ ︽ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ | ᠵᠢᠱᠢᠯᠲᠡ ᠬᠢᠬᠦ ᠶᠢ ᠥᠷᠨᠢᠭᠦᠯᠬᠦ ᠬᠡᠷᠡᠭᠲᠡᠢ︔ ᠴᠢᠬᠤᠯᠠᠲᠠᠢ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠲᠠᠢ ᠬᠤᠯᠪᠣᠭᠠᠯᠠᠵᠤ ᠪᠠᠶᠢᠭᠠᠳ ᠦᠨᠡᠯᠡᠯᠲᠡ | ᠵᠢᠱᠢᠯᠲᠡ ᠬᠢᠬᠦ ᠶᠢ ᠥᠷᠨᠢᠭᠦᠯᠵᠦ ᠪᠣᠯᠣᠨ᠎ᠠ᠄ ︵ᠨᠢᠭᠡ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ | ᠪᠣᠯᠭᠠᠨ ᠳᠡᠭᠡᠭᠰᠢᠯᠡᠭᠦᠯᠬᠦ ᠪᠠᠷ ᠪᠠᠶᠢᠪᠠᠯ︔ ︵ᠬᠤᠶᠠᠷ︶ ᠴᠢᠬᠤᠯᠠ ᠶᠡᠭᠡ ᠵᠠᠰᠠᠯᠲᠠ ᠥᠭᠡᠷᠡᠴᠢᠯᠡᠯᠲᠡ ᠬᠢᠬᠦ ᠪᠠᠷ | ᠪᠠᠶᠢᠪᠠᠯ︔ ︵ᠭᠤᠷᠪᠠ︶ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠯᠳᠤᠭᠠᠨ ᠲᠠᠢ | ᠪᠠᠶᠢᠪᠠᠯ︔ ︵ᠳᠥᠷᠪᠡ︶ ᠠᠵᠤ ᠠᠬᠤᠢ ᠨᠡᠶᠢᠭᠡᠮ ᠤᠨ ᠬᠥᠭᠵᠢᠯᠲᠡ ᠪᠤᠶᠤ ᠣᠯᠠᠨ ᠨᠡᠶᠢᠲᠡ ᠶᠢᠨ ᠠᠰᠢᠭ | ᠲᠤᠰᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠣᠭᠰᠠᠨ ᠪᠣᠯ︔ ︵ | ᠲᠠᠪᠤ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠤᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠨᠢ ᠨᠡᠯᠢᠶᠡᠳ | ᠲᠥᠪᠯᠡᠷᠡᠭᠰᠡᠨ ᠪᠣᠯ︔ ︵ᠵᠢᠷᠭᠤᠭ᠎ᠠ︶ ᠦᠨᠡᠯᠡᠯᠲᠡ ᠵᠢᠱᠢᠯᠲᠡ ᠬᠢᠬᠦ ᠴᠢᠬᠤᠯᠠᠲᠠᠢ ᠪᠤᠰᠤᠳ ᠪᠠᠶᠢᠳᠠᠯ ᠣᠷᠣᠰᠢᠵᠤ | ᠪᠠᠶᠢᠪᠠᠯ︾ ᠭᠡᠵᠦ ᠲᠣᠭᠲᠠᠭᠠᠪᠠ᠃ ᠡᠭᠦᠨ ᠤ ᠬᠠᠮᠲᠤ ︽ᠬᠡᠷᠡᠭᠵᠢᠭᠦᠯᠬᠦ ᠪᠠᠶᠢᠭᠤᠯᠭ᠎ᠠ ᠪᠤᠶᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠶᠢ ᠲᠣᠭᠲᠠᠭᠠᠭᠰᠠᠨ ᠤ ᠳᠠᠷᠠᠭ᠎ᠠ | ᠦᠨᠡᠯᠡᠯᠲᠡ ᠵᠢᠱᠢᠯᠲᠡ ᠬᠢᠯᠭᠡᠵᠦ ᠪᠣᠯᠣᠨ᠎ᠠ︾ ᠭᠡᠵᠦ ᠲᠣᠭᠲᠠᠭᠠᠵᠠᠢ᠃ | 40 ᠳ᠋ᠦ᠋ᠭᠡᠷ ᠵᠤᠷᠪᠤᠰ ᠲᠤ ︽ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠳᠤ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠭᠰᠠᠨ ᠶᠠᠰᠤ ᠴᠢᠨᠠᠷ᠂ ᠬᠡᠷᠡᠭᠵᠢᠭᠦᠯᠦᠭᠰᠡᠨ ᠠᠵᠢᠯ ᠤᠨ | ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠳᠤ ᠪᠠᠶᠢᠴᠠᠭᠠᠯᠲᠠ ᠬᠢᠬᠦ ᠪᠠ | ᠦᠨᠡᠯᠡᠯᠲᠡ ᠵᠢᠱᠢᠯᠲᠡ ᠬᠢᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠨ ᠥᠭᠡᠷᠡᠴᠢᠯᠡᠬᠦ ᠪᠤᠶᠤ ᠬᠦᠴᠦᠨ ᠦᠭᠡᠢ | ᠪᠣᠯᠭᠠᠬᠤ ᠰᠠᠨᠠᠭᠤᠯᠭ᠎ᠠ ᠶᠢ ᠳᠤᠷᠠᠳᠴᠤ᠂ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠭᠰᠡᠨ | ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ︾ ᠭᠡᠵᠦ ᠲᠣᠭᠲᠠᠭᠠᠵᠠᠢ᠃ | ᠬᠥᠲᠥᠯᠥᠭᠴᠢ᠄ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠢᠯᠭᠠᠨ ᠴᠡᠪᠡᠷᠯᠡᠬᠦ ᠠᠵᠢᠯ ᠤᠨ ᠲᠤᠬᠠᠢ᠂ | ᠶᠠᠮᠠᠷ ᠶᠠᠮᠠᠷ ᠪᠣᠳᠠᠲᠠᠢ ᠲᠣᠭᠲᠠᠭᠠᠯ ᠪᠠᠶᠢᠬᠤ ᠪᠣᠢ︖ | ᠵᠢᠶᠠ ᠯᠢ᠄ ︽ᠳᠡᠰ ᠳᠠᠷᠠᠭᠠᠯᠠᠯ ᠪᠠ ᠲᠣᠭᠲᠠᠭᠠᠯ︾ ᠤᠨ 41 ᠳ᠋ᠦ᠋ᠭᠡᠷ ᠵᠤᠷᠪᠤᠰ ᠲᠤ ︽ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠵᠢᠴᠢ ᠳᠡᠭᠡᠳᠦ ᠪᠠᠶᠢᠷᠢᠨ ᠤ ᠬᠠᠤᠯᠢ ᠶᠢ | ᠲᠣᠭᠲᠠᠭᠠᠭᠰᠠᠨ᠂ ᠵᠠᠰᠠᠨ ᠥᠭᠡᠷᠡᠴᠢᠯᠡᠭᠰᠡᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ᠂ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠢᠯᠭᠠᠨ ᠴᠡᠪᠡᠷᠯᠡᠬᠦ ᠠᠵᠢᠯ ᠢ ᠴᠠᠭ ᠲᠤᠬᠠᠢ ᠳᠤ ᠨᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ︾ ᠭᠡᠵᠦ ᠲᠣᠭᠲᠠᠭᠠᠪᠠ᠃ ᠡᠭᠦᠨ ᠤ ᠬᠠᠮᠲᠤ᠂ 42 ᠳ᠋ᠤᠭᠠᠷ ᠵᠤᠷᠪᠤᠰ ᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠢᠷᠭᠤᠭᠠᠨ ᠵᠦᠢᠯ ᠤᠨ ᠪᠠᠶᠢᠳᠠᠯ ᠳᠣᠣᠷ᠎ᠠ ᠵᠠᠰᠠᠨ ᠥᠭᠡᠷᠡᠴᠢᠯᠡᠬᠦ ᠪᠠ | ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠴᠠᠭ ᠲᠤᠬᠠᠢ ᠳᠤ ᠨᠢ ᠳᠤᠷᠠᠳᠬᠤ ᠬᠡᠷᠡᠭᠲᠡᠢ᠄ ︵ᠨᠢᠭᠡ︶ ᠰᠢᠨ᠎ᠡ ᠪᠠᠷ | ᠲᠣᠭᠲᠠᠭᠠᠭᠰᠠᠨ ᠳᠡᠭᠡᠳᠦ ᠪᠠᠶᠢᠷᠢᠨ ᠤ ᠬᠠᠤᠯᠢ ᠲᠠᠢ ᠡᠰᠡᠷᠭᠦᠴᠡᠯᠳᠦᠬᠦ ᠪᠤᠶᠤ ᠦᠨᠳᠦᠰᠦᠯᠡᠯ ᠪᠣᠯᠭᠠᠭᠰᠠᠨ ᠳᠡᠭᠡᠳᠦ | ᠪᠠᠶᠢᠷᠢᠨ ᠤ ᠬᠠᠤᠯᠢ ᠶᠢ ᠨᠢᠭᠡᠨᠲᠡ ᠵᠠᠰᠠᠨ ᠥᠭᠡᠷᠡᠴᠢᠯᠡᠭᠰᠡᠨ ᠪᠠ ᠬᠦᠴᠦᠨ ᠦᠭᠡᠢ ᠪᠣᠯᠭᠠᠭᠰᠠᠨ ᠪᠣᠯ︔ ︵ᠬᠤᠶᠠᠷ︶ | ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ | ᠪᠣᠯ︔ ︵ᠭᠤᠷᠪᠠ︶ ᠲᠣᠬᠢᠷᠠᠭᠤᠯᠤᠯᠲᠠ ᠬᠢᠬᠦ ᠡᠲᠡᠭᠡᠳ ᠨᠢ ᠨᠢᠭᠡᠨᠲᠡ ᠠᠷᠢᠯᠤᠭᠰᠠᠨ ᠪᠤᠶᠤ ᠬᠤᠪᠢᠷᠠᠯᠲᠠ | ᠭᠠᠷᠤᠭᠰᠠᠨ ᠪᠣᠯ︔ ︵ᠳᠥᠷᠪᠡ︶ ᠭᠤᠣᠯ ᠴᠣᠭᠴᠠ ᠳᠤ ᠨᠢ ᠬᠤᠪᠢᠷᠠᠯᠲᠠ ᠭᠠᠷᠤᠭᠰᠠᠨ ᠪᠣᠯ︔ ︵ᠲᠠᠪᠤ︶ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ ᠪᠣᠯᠣᠭᠰᠠᠨ ᠪᠣᠯ︔ ︵ᠵᠢᠷᠭᠤᠭ᠎ᠠ︶ ᠵᠠᠰᠠᠨ ᠥᠭᠡᠷᠡᠴᠢᠯᠡᠬᠦ | ᠪᠠ ᠬᠦᠴᠦᠨ ᠦᠭᠡᠢ ᠪᠣᠯᠭᠠᠬᠤ ᠴᠢᠬᠤᠯᠠᠲᠠᠢ ᠪᠤᠰᠤᠳ ᠪᠠᠶᠢᠳᠠᠯ᠃ | ᠬᠥᠲᠥᠯᠥᠭᠴᠢ᠄ ᠵᠢᠶᠠ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ︽ᠳᠡᠰ | ᠳᠠᠷᠠᠭᠠᠯᠠᠯ ᠪᠠ ᠲᠣᠭᠲᠠᠭᠠᠯ︾ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠶᠠᠷᠢᠯᠴᠠᠭᠠᠨ ᠤ ᠰᠡᠳᠦᠪ ᠨᠢ ᠮᠥᠨ | ᠬᠦ ᠮᠠᠰᠢ ᠣᠯᠠᠨ ᠪᠠᠶᠢᠬᠤ ᠪᠣᠯᠪᠠᠴᠤ ᠴᠠᠭ ᠤᠨ ᠬᠠᠷᠠᠭ᠎ᠠ ᠠᠴᠠ ᠪᠣᠯᠵᠤ᠂ ᠥᠨᠥᠳᠥᠷ ᠤᠨ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠃ ᠳᠠᠷᠠᠭᠠᠴᠢ ᠪᠠᠷ ᠲᠣᠬᠢᠶᠠᠯ ᠲᠠᠢ ᠪᠣᠯ ᠰᠦᠯᠵᠢᠶᠡᠨ ᠤ ᠠᠨᠳᠠ ᠨᠠᠷ ᠲᠠᠢ | ᠬᠠᠮᠲᠤ ᠪᠠᠷ ᠳᠠᠬᠢᠨ ᠰᠤᠳᠤᠯᠤᠨ ᠶᠠᠷᠢᠯᠴᠠᠵᠠᠭᠠᠶᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠬᠦᠯᠢᠶᠡᠨ | ᠠᠪᠴᠤ ᠦᠵᠡᠭᠰᠡᠨ ᠳᠤ ᠪᠠᠶᠠᠷᠯᠠᠯ᠎ᠠ᠂ ᠪᠠᠶᠠᠷᠲᠠᠢ︕ | ᠵᠢᠶᠠ ᠯᠢ᠄ ᠪᠠᠶᠠᠷᠲᠠᠢ︕ | |