ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵2020 ᠣᠨ︶ ᠤᠨ ᠨᠠᠢᠮᠠᠳᠤᠭᠠᠷ ᠤᠳᠠᠭ ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠢᠮᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ︵2020 ᠣᠨ︶ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2020-03-23
      3 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵2020 ᠣᠨ︶ ᠤᠨ ᠨᠠᠢᠮᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠨᠠᠢᠮᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ︵2020 ᠣᠨ ᠤ 9 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠵᠤᠤ ᠯᠢ ᠮᠢᠨ᠂ ᠱᠧᠨ ᠢ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ ᠬᠤᠷᠠᠯ ᠳᠤ ᠣᠷᠣᠯᠴᠠᠵᠠᠢ︔ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠩ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠪᠠ︔ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠮᠤᠵᠢ ᠳᠤ ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠸᠠᠩ ᠯᠢ ᠰᠢᠶᠠ ᠱᠦᠵᠢ ᠶᠢᠨ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ᠲᠥᠪ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠥᠬᠦᠳ ᠤᠨ  ᠴᠢᠬᠤᠯᠠ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬ᠎ᠠ ᠠᠯᠬᠤᠮ ᠤᠨ ᠰᠠᠨᠠᠭᠤᠯᠭ᠎ᠠ ᠶᠢᠨ ᠵᠣᠷᠢᠭ ᠰᠠᠨᠠᠭ᠎ᠠ᠂ ᠸᠠᠩ ᠯᠢ ᠰᠢᠶᠠ ᠱᠦᠵᠢ ᠶᠢᠨ ᠬᠦᠬᠡᠬᠤᠳᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ︾ ᠢ ᠤᠯᠠᠮᠵᠢᠯᠠᠨ ᠰᠤᠷᠤᠯᠴᠠᠵᠤ᠂ ᠠᠵᠢᠯᠲᠠᠨ ᠤ ᠶᠠᠪᠤᠳᠠᠯ ᠢ ᠲᠣᠮᠢᠯᠠᠬᠤ ᠪᠠ ᠪᠠᠭᠤᠯᠭᠠᠬᠤ ᠶᠠᠪᠤᠳᠠᠯ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠬᠤᠪᠸᠢ ᠮᠤᠵᠢ ᠶᠢᠨ ᠦᠬᠠᠨ ᠬᠤᠲᠠ ᠳᠤ ᠲᠤᠰᠬᠠᠶᠢᠯᠠᠨ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠨ ᠪᠠᠶᠢᠴᠠᠭᠠᠵᠦ᠂ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠪᠣᠯᠤᠨ ᠰᠠᠭᠤᠭᠠᠯᠢ ᠠᠷᠠᠳ ᠲᠦᠮᠡᠨ ᠢ ᠪᠣᠯᠭᠤᠭᠠᠨ ᠲᠣᠬᠤᠨᠢᠭᠤᠯᠵᠤ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠪᠣᠯᠤᠨ ᠬᠦᠴᠦᠨ ᠢ ᠲᠦᠢᠯ ᠤᠨ ᠶᠡᠭᠡ ᠪᠠᠷ ᠨᠡᠮᠡᠭᠳᠡᠭᠦᠯᠦᠭᠰᠡᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠳᠤ ᠴᠢᠬᠤᠯᠠ ᠵᠢᠭᠠᠪᠤᠷᠢ ᠥᠭᠴᠦ᠂ ᠳᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠯ ᠢ ᠲᠣᠳᠣᠷᠬᠠᠶ ᠵᠢᠭᠠᠵᠤ᠂ ᠵᠢᠷᠤᠮᠯᠠᠯ ᠢ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠭᠦᠨᠵᠡᠭᠡᠶ ᠰᠤᠷᠤᠯᠴᠠᠨ ᠣᠶᠢᠯᠠᠭᠠᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠣᠳᠣᠬᠠᠨ ᠤ ᠲᠡᠷᠢᠭᠦᠨ ᠵᠡᠷᠭᠡ ᠶᠢᠨ ᠶᠡᠭᠡ ᠶᠠᠪᠤᠳᠠᠯ ᠪᠣᠯᠭᠠᠵᠤ᠂ ᠥᠴᠦᠬᠡᠨ ᠴᠦ ᠰᠤᠯᠠᠷᠠᠭᠤᠯᠤᠯ ᠥᠬᠡᠶ ᠴᠢᠩᠭ᠎ᠠ ᠪᠣᠳᠠᠲᠠᠶ ᠠᠳᠬᠤᠵᠤ ᠨᠠᠷᠢᠯᠢᠭ ᠠᠳᠬᠤᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠠᠳᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠯᠠᠭ᠎ᠠ ᠮᠥᠴᠢᠷ ᠤᠨ ᠬᠤᠭᠤᠷᠤᠨᠳᠤᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠬᠢ ᠵᠢᠷᠤᠮ ᠲᠠᠢ ᠠᠵᠢᠯ ᠢᠶᠠᠨ ᠰᠡᠷᠭᠦᠭᠡᠬᠦ᠂ ᠣᠯᠠᠨ ᠲᠦᠮᠡᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠳᠤᠮᠳᠠᠬᠢ ᠪᠣᠳᠠᠲᠠᠶ ᠠᠰᠠᠭᠤᠳᠠᠯ ᠢ ᠣᠶᠤᠨ ᠴᠢᠳᠠᠯ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠨ᠂ ᠢᠯᠠᠯᠲᠠ ᠤᠯᠬᠤ ᠢᠳᠡᠭᠡᠯ ᠬᠦᠴᠦᠨ ᠢᠶᠠᠨ ᠪᠠᠲᠤᠯᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠦᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠭᠡᠨ ᠠᠬᠢᠭᠤᠯᠵᠤ᠂ ᠴᠠᠭ ᠮᠥᠴᠡ ᠶᠢ ᠵᠠᠪᠳᠤᠨ᠂ ᠲᠦᠷᠭᠡᠨ ᠳᠠᠪᠬᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠪᠠᠶᠢᠭᠠᠳ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠡᠨᠡ ᠵᠢᠯ ᠤᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠦᠨ᠎ᠡ ᠭᠡᠵᠡᠢ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠳᠤ᠂ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠥᠬᠦᠳ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠤᠨ ᠡᠷᠦᠶ ᠬᠤᠷᠤᠶ ᠥᠬᠡᠶ ᠦᠵᠡᠭᠳᠡᠯ ᠢ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠵᠡᠷᠭᠡ ᠠᠵᠢᠯ ᠢ ᠳᠠᠷᠤᠶ ᠲᠦᠷᠭᠡᠨ ᠥᠷᠨᠢᠭᠦᠯᠵᠦ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠲᠣᠳᠣᠷᠬᠠᠶ ᠣᠶᠢᠯᠠᠭᠠᠵᠤ᠂ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠥᠷᠨᠢᠭᠦᠯᠬᠦ ᠬᠡᠷᠡᠭᠲᠡᠶ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ ᠪᠠᠶᠢᠩᠭᠤᠵᠢᠯᠳᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠱᠠᠮᠰᠢᠭᠰᠠᠳ ᠢ ᠵᠠᠯᠬᠠᠭᠠᠵᠤ ᠢᠯᠵᠢᠷᠡᠯ ᠢ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ︽ᠴᠢᠩᠭ᠎ᠠ︾ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠠᠶᠢᠩᠭᠤ ᠶᠢᠨ ᠬᠤᠷᠠᠯ ᠠᠴᠠ ︽ᠲᠣᠭᠲᠠᠬᠤ ᠰᠢᠶᠠᠨ ᠤ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠠᠬᠢᠭᠤᠯᠵᠤ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠵᠢᠭᠦᠯᠬᠦ ᠲᠥᠰᠦᠯ︾᠂ ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ︽ᠲᠣᠭᠲᠠᠬᠤ ᠰᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ 2020 ᠣᠨ ᠤ ᠠᠵᠢᠯᠠᠯᠠᠭᠠᠨ ᠤ ᠲᠥᠯᠥᠪᠯᠡᠭᠡ︾᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠪᠠᠶᠢᠳᠠᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠠᠮᠤᠷ ᠲᠦᠪᠰᠢᠨ ᠤᠤᠭᠤᠬᠤ ᠤᠰᠤ᠂ ᠰᠤᠷᠭᠠᠨ ᠬᠥᠮᠦᠵᠢᠯ ᠤᠨ ᠠᠵᠢᠯ᠂ ᠬᠦᠳᠡᠯᠮᠦᠷᠢ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠶᠠᠷᠢᠯᠴᠠᠵᠤ᠂ 1 — 2 ᠳ᠋ᠤᠭᠠᠷ ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠪᠠ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠲᠣᠬᠢᠷᠠᠭᠤᠯᠤᠨ ᠵᠠᠳᠠᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1