ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠩᠰᠢ ᠶᠢᠨ ᠲᠠᠬᠢᠯᠭ᠎ᠠ ᠱᠦᠭᠦᠷᠳᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2020-03-24
      ᠡᠨᠡ ᠵᠢᠯ ᠤᠨ ᠬᠠᠩᠰᠢ ᠶᠢᠨ ᠡᠳᠦᠷ ᠪᠣᠯ ᠶᠠᠭ ᠰᠠᠶᠢᠬᠠᠨ ᠰᠢᠨ᠎ᠡ ᠲᠢᠳᠢᠮᠳᠦ ᠠᠭᠤᠰᠬᠢᠨ ᠦᠷᠪᠢᠰᠦᠯ ᠤᠨ ᠬᠢᠵᠢᠭ ᠶᠢ ᠰᠡᠷᠭᠡᠶᠢᠯᠡᠨ ᠡᠵᠡᠮᠳᠡᠬᠦ ᠵᠠᠩᠭᠢᠯᠭ᠎ᠠ ᠶᠢᠨ ᠬᠤᠭᠤᠴᠠᠭ᠎ᠠ ᠪᠠ ᠬᠠᠪᠤᠷ ᠤᠨ ᠤᠯᠠᠷᠢᠯ ᠤ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠮᠠᠨ ᠤ ᠰᠢᠶᠠᠨ ᠳᠤ ᠬᠢᠵᠢᠭ ᠰᠡᠷᠭᠡᠶᠢᠯᠡᠬᠦ ᠪᠠ ᠭᠠᠯ ᠰᠡᠷᠭᠡᠶᠢᠯᠡᠬᠦ ︽ᠳᠠᠪᠬᠤᠷ ᠳᠠᠷᠤᠯᠲᠠ︾ ᠲᠤᠯᠭᠠᠷᠠᠵᠤ ᠪᠠᠶᠢᠨ᠎ᠠ᠃ ᠬᠥᠮᠦᠰ ‍ᠤᠨ‌‍ᠲ᠋ᠥ᠋ᠪᠯᠡᠷᠡᠭᠦᠯᠦᠨ ᠲᠠᠬᠢᠯᠭ᠎ᠠ ᠱᠦᠭᠦᠷᠳᠡᠯᠲᠡ ᠠᠴᠠ ᠪᠣᠯᠵᠤ ᠸᠢᠷᠦ᠋ᠰ ᠤᠨ ᠬᠠᠯᠳᠠᠪᠤᠷᠢᠯᠠᠯ ᠪᠠ ᠰᠣᠯᠪᠢᠴᠠᠯ ᠬᠠᠯᠳᠠᠪᠤᠷᠢᠯᠠᠯ ᠠᠴᠠ ᠪᠣᠯᠵᠤ ᠣᠷᠣᠵᠤ ᠢᠷᠡᠬᠦ ᠴᠢᠨᠠᠷᠲᠠᠶ ᠪᠠ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠡᠭᠦᠰᠭᠡᠬᠦ ᠠᠴᠠ ᠵᠠᠶᠢᠯᠠᠰᠬᠢᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ  ᠮᠠᠬᠠᠪᠤᠳ ᠤᠨ ᠡᠷᠡᠭᠦᠯ ᠴᠢᠬᠢᠷᠠᠭ ᠢ ᠬᠠᠮᠠᠭᠠᠯᠠᠬᠤ ᠶᠢᠨ ᠲᠥᠯᠥᠭᠡ᠂ ᠣᠳᠣ 2020 ᠣᠨ ᠤ ᠬᠠᠩᠰᠢ ᠶᠢᠨ ᠬᠤᠭᠤᠴᠠᠭᠠᠨ ᠳᠤ ᠲᠠᠬᠢᠯᠭ᠎ᠠ ᠱᠦᠭᠦᠷᠳᠡᠯᠭᠡ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ      ᠨᠢᠭᠡ᠂ ᠬᠥᠮᠦᠰ ᠤᠨ ᠰᠢᠯᠵᠢᠬᠦ ᠪᠠ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ ᠠᠵᠢᠯᠲᠠᠨ ᠤ ᠰᠢᠯᠵᠢᠯᠲᠡ᠂ ᠴᠤᠭᠯᠠᠷᠠᠬᠤ ᠶᠢ ᠪᠠᠭᠠᠰᠬᠠᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠣᠰ ᠪᠡᠶ᠎ᠡ ᠶᠢᠨ ᠡᠷᠡᠭᠦᠯ ᠮᠡᠨᠳᠦ ᠪᠠᠨ ᠰᠠᠶᠢᠲᠤᠷ ᠬᠠᠮᠠᠭᠠᠯᠠᠵᠤ᠂ ᠪᠤᠰᠤᠳ ᠲᠤ ᠠᠶᠤᠯ ᠲᠦᠭᠰᠢᠭᠦᠷᠢ ᠠᠪᠴᠢᠷᠠᠬᠤ ᠠᠴᠠ ᠵᠠᠶᠢᠯᠠᠰᠬᠢᠬᠦ ᠨᠢ ᠬᠤᠪᠢ ᠬᠥᠮᠦᠨ᠂ ᠬᠡᠷ ᠪᠦᠯᠢ ᠳᠡᠭᠡᠨ ᠬᠠᠷᠢᠭᠤᠴᠠᠬᠤ ᠮᠥᠷᠲᠡᠭᠡᠨ ᠨᠡᠶᠢᠭᠡᠮ ᠨᠡᠶᠢᠲᠡ ᠳᠤ ᠬᠠᠷᠢᠭᠤᠴᠠᠬᠤ ᠶᠠᠪᠤᠳᠠᠯ ᠪᠣᠯᠬᠤ ᠪᠥᠭᠡᠳ ᠨᠠᠩ ᠴᠤ ᠲᠥᠷᠥᠯ ᠤᠭᠰᠠᠭ᠎ᠠ ᠶᠢᠨ ᠡᠪᠦᠭᠡ ᠳᠡᠭᠡᠳᠦᠰ ᠲᠡᠭᠡᠨ ᠬᠠᠮᠤᠭ ᠤᠨ ᠰᠠᠶᠢᠨ ᠲᠠᠶᠢᠳᠬᠤᠷᠠᠭᠤᠯᠤᠯ ᠪᠣᠯᠬᠤ ᠶᠤᠮ᠃      ᠬᠤᠶᠠᠷ᠂ ᠣᠷᠣᠭᠤᠯᠬᠤ ᠴᠢᠨᠠᠷᠲᠠᠶ ᠬᠢᠵᠢᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠭᠠᠳᠠᠷ ᠣᠷᠣᠨ ᠳᠤ ᠪᠤᠶᠤ ᠭᠠᠳᠠᠭᠠᠳᠤ ᠤᠯᠤᠰ ᠲᠤ ᠪᠠᠶᠢᠭ᠎ᠠ ᠲᠦᠷᠦᠯ ᠰᠠᠳᠤᠨ ᠨᠠᠶᠢᠵᠠ ᠨᠥᠬᠦᠳ ᠲᠠᠢ ᠪᠠᠨ ᠡᠷᠲᠡᠬᠡᠨ ᠬᠠᠷᠢᠯᠴᠠᠵᠤ᠂ ᠡᠨᠡ ᠵᠢᠯ ᠤᠨ ᠬᠠᠩᠰᠢ ᠶᠢᠨ ᠡᠳᠦᠷ ᠨᠤᠲᠤᠭ ᠲᠠᠭᠠᠨ ᠪᠤᠴᠠᠵᠤ ᠲᠠᠬᠢᠯᠭ᠎ᠠ ᠬᠢᠬᠦ ᠦᠭᠡᠢ ᠪᠣᠯ ᠬᠠᠮᠤᠭ ᠰᠠᠶᠢᠨ ᠭᠡᠵᠦ ᠲᠡᠳᠡᠨ ᠳᠤ ᠰᠠᠨᠠᠭᠤᠯᠤᠶ᠎ᠠ᠃ ᠬᠡᠷᠪᠡ ᠬᠢᠯᠢ ᠶᠢᠨ ᠭᠠᠳᠠᠨ᠎ᠠ᠂ ᠰᠢᠶᠠᠨ ᠤ ᠭᠠᠳᠠᠨ᠎ᠠ ᠨᠤᠲᠤᠭ ᠲᠠᠭᠠᠨ ᠪᠤᠴᠠᠵᠤ ᠲᠠᠬᠢᠯᠭ᠎ᠠ ᠬᠢᠵᠦ  ᠪᠠᠶᠢᠭ᠎ᠠ ᠬᠥᠮᠦᠰ ᠪᠠᠶᠢᠪᠠᠯ᠂ ᠲᠣᠰ ᠬᠥᠮᠦᠨ ᠵᠢᠴᠢ ᠬᠦᠯᠢᠶᠡᠨ ᠠᠪᠤᠭᠰᠠᠨ ᠭᠡᠷ ᠤᠨ ᠬᠥᠮᠦᠰ ᠪᠠ ᠲᠥᠷᠥᠯ ᠰᠠᠳᠤᠨ ᠨᠠᠶᠢᠵᠠ ᠨᠥᠬᠦᠳ ᠨᠢ ᠬᠦᠷᠴᠦ ᠢᠷᠡᠭᠰᠡᠨ ᠭᠠᠵᠠᠷ ᠤᠨ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠢᠷᠡᠬᠦ ᠴᠠᠭ᠂ ᠠᠵᠢᠯᠯᠠᠭ᠎ᠠ ᠶᠢᠨ  ᠲᠤᠬᠢᠷᠠᠭᠤᠯᠤᠯᠳᠠ ᠪᠠ ᠰᠠᠯᠵᠤ ᠶᠠᠪᠤᠬᠤ ᠴᠠᠭ ᠵᠡᠷᠭᠡ ᠮᠡᠳᠡᠭᠡ ᠵᠠᠩᠭᠢ ᠪᠠᠨ ᠳᠠᠷᠦ᠋ᠢᠬᠠᠨ ᠮᠡᠳᠡᠭᠦᠯᠬᠦ ᠬᠡᠷᠡᠭᠲᠡᠶ᠃ ᠡᠯ᠎ᠡ ᠪᠠᠯᠭᠠᠰᠤ ᠾᠧ ᠺᠸᠤ ᠬᠠᠮᠢᠶᠠᠷᠤᠯᠳᠠ ᠶᠢᠨ ᠵᠦᠪᠯᠡᠯ ᠨᠤᠭᠤᠳ ᠬᠠᠷᠭᠤᠭᠤᠯᠤᠨ ᠪᠠᠶᠢᠴᠠᠭᠠᠬᠤ ᠪᠠ ᠮᠥᠷᠳᠡᠨ ᠬᠠᠮᠢᠶᠠᠷᠬᠤ ᠶᠢ ᠴᠢᠩᠭ᠎ᠠ ᠪᠠᠶᠢᠴᠠᠭᠠᠵᠤ᠂ ᠤᠳᠠᠭᠠᠰᠢᠷᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠥᠬᠡᠶ᠂ ᠣᠷᠬᠢᠭᠳᠠᠭᠤᠯᠤᠨ ᠮᠡᠳᠡᠭᠦᠯᠬᠦ ᠶᠢ ᠣᠯᠵᠤ ᠮᠡᠳᠡᠪᠡᠯ᠂ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃      ᠭᠤᠷᠪᠠ᠂ ᠲᠡᠭᠦᠰᠬᠡᠯ ᠦᠵᠦᠭᠦᠷ ᠤᠨ ᠪᠠᠶᠢᠴᠠᠭᠠᠨ ᠰᠢᠯᠭᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠪᠠᠯᠭᠠᠰᠤ ︵ ᠾᠧ ᠺᠸᠤ︶ ᠨᠢ ᠬᠢᠯᠢ ᠶᠢᠨ ᠭᠠᠳᠠᠨ᠎ᠠ᠂ ᠰᠢᠶᠠᠨ ᠤ ᠭᠠᠳᠠᠨ᠎ᠠ ᠨᠤᠲᠤᠭ ᠲᠠᠭᠠᠨ ᠪᠤᠴᠠᠵᠦ ᠲᠠᠬᠢᠯᠭ᠎ᠠ ᠳᠤ ᠤᠷᠤᠯᠴᠠᠬᠤ ᠬᠥᠮᠦᠰ ᠤᠨ ᠪᠡᠶ᠎ᠡ ᠶᠢᠨ ᠳᠤᠯᠠᠭᠠᠨ ᠢ ᠬᠡᠮᠵᠢᠨ ᠲᠡᠮᠳᠡᠭᠯᠡᠬᠦ᠂ ᠬᠤᠪᠢ ᠬᠥᠮᠦᠨ ᠤ ᠮᠡᠳᠡᠭᠡ ᠵᠠᠩᠭᠢ ᠶᠢ ᠦᠨᠡᠨ ᠨᠡᠷ᠎ᠡ ᠪᠠᠷ ᠳᠠᠩᠰᠠᠯᠠᠬᠤ᠂ ᠠᠶᠠᠯᠠᠯ ᠤᠨ ᠮᠡᠳᠡᠭᠦᠯᠦᠯᠲᠡ ᠬᠢᠬᠦ᠂ ᠪᠣᠯᠪᠠᠰᠤᠨ ᠲᠠᠬᠢᠯᠭ᠎ᠠ ᠶᠢᠨ ᠠᠮᠠᠯᠠᠯᠲᠠ ᠶᠢᠨ ᠪᠢᠴᠢᠭ ᠲᠣᠭᠲᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ︔       ᠲᠦᠷᠪᠡ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠠᠮᠤᠷ ᠲᠦᠪᠰᠢᠨ ᠡᠶ᠎ᠡ ᠵᠣᠬᠢᠴᠠᠯ ᠲᠠᠢ ᠪᠠᠶᠢᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠰᠠᠨᠠᠭᠠᠴᠢᠯᠠᠵᠤ᠂ ᠪᠣᠯᠪᠠᠰᠤᠨ ᠢᠶᠠᠷ ᠲᠠᠬᠢᠯᠭ᠎ᠠ ᠬᠢᠬᠦ ᠬᠡᠷᠡᠭᠲᠡᠢ᠃ ᠡᠯ᠎ᠡ ᠲᠦᠷᠦᠯ ᠤᠨ ᠪᠤᠯᠠᠰᠢ ᠶᠢᠨ ᠭᠠᠵᠠᠷ ᠲᠤ ᠲᠠᠬᠢᠯᠭ᠎ᠠ ᠶᠢᠨ ᠡᠳ᠋ ᠲᠦᠯᠡᠬᠦ᠂ ᠫᠤᠤᠵᠢᠩ ᠲᠠᠯᠪᠢᠬᠤ ᠶᠢ ᠴᠢᠩᠭ᠎ᠠ  ᠴᠠᠭᠠᠵᠢᠯᠠᠨ᠎ᠠ︔ ᠵᠠᠮ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠭᠤᠤᠯ ᠤᠨ ᠵᠠᠮ᠂ ᠴᠡᠴᠡᠷᠯᠢᠭ᠂ ᠣᠶ ᠰᠢᠭᠤᠶ ᠡᠪᠡᠰᠦ ᠪᠡᠯᠴᠢᠭᠡᠷ ᠤᠨ ᠣᠷᠣᠨ ᠵᠡᠷᠭᠡ ᠲᠠᠯᠠᠪᠤᠷ ᠲᠤ ᠲᠠᠬᠢᠯᠭ᠎ᠠ ᠶᠢᠨ ᠡᠳ᠋ ᠰᠢᠲᠠᠭᠠᠬᠤ᠂ ᠫᠤᠤᠵᠢᠩ ᠲᠠᠯᠪᠢᠬᠤ᠂ ᠴᠠᠭᠠᠰᠤᠨ ᠵᠣᠭᠤᠰ ᠠᠰᠬᠠᠬᠤ ᠶᠢ ᠴᠢᠩᠭ᠎ᠠ ᠴᠠᠭᠠᠵᠠᠯᠠᠵᠤ᠂ ᠣᠶ ᠰᠢᠭᠤᠶ ᠶᠢᠨ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠲᠠᠪᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠪᠠᠯᠭᠠᠰᠤ ︵ᠾᠧ ᠺᠸᠤ︶ ᠨᠤᠭᠤᠳ ᠬᠠᠷᠢᠶ᠎ᠠ ᠭᠠᠵᠠᠷ ᠤᠨ ᠭᠠᠯ ᠰᠡᠷᠭᠡᠶᠢᠯᠡᠬᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠠᠮᠤᠷ ᠲᠦᠪᠰᠢᠨ ᠤ ᠳᠠᠯᠳᠠ ᠭᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠬᠠᠩᠰᠢ ᠶᠢᠨ ᠬᠤᠭᠤᠴᠠᠭᠠᠨ ᠳᠤ ᠠᠮᠤᠷ ᠠᠮᠤᠭᠤᠯᠠᠩ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠳᠣᠤᠷ᠎ᠠ ᠨᠡᠭᠦᠷᠡᠰᠦᠲᠥ᠋ᠷᠥᠭᠴᠢᠲᠦ ᠪᠣᠯᠪᠠᠰᠤᠨ ᠱᠦᠭᠦᠷᠳᠡᠯᠲᠡ ᠪᠠ ᠠᠮᠢ ᠠᠬᠤᠶ ᠶᠢᠨ ᠣᠷᠣᠰᠢᠭᠤᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠳᠣᠤᠷ᠎ᠠ ᠨᠡᠭᠦᠷᠡᠰᠦᠲᠥ᠋ᠷᠥᠭᠴᠢᠲᠦ ᠪᠣᠯᠪᠠᠰᠤᠨ ᠲᠠᠬᠢᠯᠭ᠎ᠠ ᠶᠢᠨ ᠠᠷᠭ᠎ᠠ ᠮᠠᠶ᠋ᠢᠭ ᠢ ᠢᠳᠡᠪᠬᠢᠲᠡᠶ ᠪᠠᠷ ᠰᠠᠨᠠᠭᠠᠴᠢᠯᠠᠵᠤ᠂ ᠲᠤᠩᠭᠠᠯᠠᠭ ᠰᠠᠶᠢᠬᠠᠨ ᠲᠠᠬᠢᠯᠭ᠎ᠠ ᠶᠢᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠰᠢᠶᠠᠨ ᠤ ᠣᠶ ᠰᠢᠭᠤᠶ ᠨᠤᠲᠤᠭ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ︽ᠳᠠᠯᠳᠠ ᠭᠡᠮ ᠪᠣᠯ ᠳᠠᠷᠤᠶ ᠠᠳᠡᠯ ᠪᠤᠯᠬᠤ︾ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠳᠠᠬᠢᠵᠤ ᠱᠦᠭᠦᠷᠳᠡᠬᠦ ᠭᠠᠵᠠᠷ ᠲᠠᠯᠠᠪᠤᠷ ᠤᠨ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠭᠠᠯ ᠤᠨ ᠠᠶᠤᠯ ᠵᠡᠷᠭᠡ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠵᠢᠷᠭᠤᠭ᠎ᠠ᠂ ᠨᠠᠮ ᠤᠨ ᠭᠡᠰᠢᠭᠦᠨ ᠺᠠᠳ᠋ᠷ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1