ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠡᠶ᠎ᠡ ᠪᠠᠷ ᠢᠶᠠᠨ ᠲᠦᠷᠦᠭᠦᠯᠡᠨ ᠬᠤᠭᠤᠯᠠ ᠭᠡᠷ ᠲᠤ ᠬᠤᠭᠤᠯᠠ‌ᠢᠳᠡᠵᠦ  ᠬᠦᠴᠦᠨ ᠨᠡᠮᠡᠭᠳᠡᠭᠦᠯᠵᠦ ᠪᠠᠶᠢᠨ᠎ᠠ — ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-24
      ᠬᠢᠵᠢᠭ ᠤᠨ ᠨᠥᠯᠥᠭᠡ ᠠᠴᠠ ᠪᠣᠯᠵᠣ᠂ ᠲᠣᠭᠲᠠᠬᠤ ᠰᠢᠶᠠᠨ ᠤ ᠢᠳᠡᠭᠡᠨ ᠤᠮᠳᠠᠭᠠᠨ ᠤ ᠦᠢᠯᠡᠰ ᠤᠨ ᠠᠵᠢᠯ ᠢᠶᠠᠨ ᠰᠡᠷᠭᠦᠭᠡᠬᠦ ᠨᠣᠷᠮ᠎ᠠ ᠨᠡᠯᠢᠶᠡᠳ ᠳᠣᠤᠷ᠎ᠠ᠂ ᠬᠡᠰᠡᠭ ᠵᠠᠬ᠎ᠠ ᠳᠡᠯᠭᠡᠭᠦᠷ ᠤᠨ ᠭᠤᠤᠯ ᠴᠣᠭᠴᠠ᠂ ᠢᠯᠠᠩᠭᠤᠶ᠎ᠠ ᠢᠳᠡᠭᠡᠨ ᠤᠮᠳᠠᠭᠠᠨ ᠤ ᠠᠵᠢᠯ ᠲᠥᠷᠥᠯ ᠤᠨ ᠠᠵᠢᠯ ᠢᠶᠠᠨ ᠰᠡᠷᠭᠦᠭᠡᠬᠦ ᠢᠳᠡᠪᠬᠢᠵᠢᠯ ᠪᠠᠰᠠ ᠲᠡᠶᠢᠮᠦ ᠥᠨᠳᠥᠷ ᠪᠢᠰᠢ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠠᠶᠢᠴᠠᠭᠠᠨ ᠰᠤᠳᠤᠯᠵᠦ ᠰᠢᠮᠳᠠᠭᠤᠯᠤᠨ ᠵᠢᠯᠣᠭᠤᠳᠬᠤ ᠳᠠᠭᠠᠨ ᠪᠠᠰᠠ ᠦᠢᠯᠡᠴᠢᠯᠡᠭᠡᠨ ᠤ  ᠦᠢᠯᠡᠰ ᠤᠨ ᠠᠵᠢᠯ ᠢᠶᠠᠨ ᠰᠡᠷᠭᠦᠭᠡᠬᠦ ᠡᠵᠡᠩᠨᠡᠯᠳᠡ ᠶᠢ ᠬᠦᠴᠦᠲᠡᠶ ᠡᠮᠬᠢ ᠵᠢᠷᠤᠮ ᠲᠠᠢ ᠬᠥᠲᠥᠯᠦᠨ ᠵᠢᠯᠣᠭᠤᠳᠴᠤ ᠳᠡᠮᠵᠢᠵᠦ᠂ ᠬᠡᠪ ᠤᠨ ᠡᠮᠬᠢ ᠵᠢᠷᠤᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      3 ᠰᠠᠷ᠎ᠠ ᠶᠢᠨ 19 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠮᠢᠨ ᠵᠦᠩ ᠭᠤᠯᠢᠷ ᠤᠨ ᠣᠷᠳᠣᠨ ᠳᠤ ᠳᠠᠭᠠᠭᠤᠯᠤᠨ ᠬᠤᠭᠤᠯᠠ ᠢᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯ ᠢᠶᠠᠨ ᠰᠡᠷᠭᠦᠭᠡᠵᠦ ᠡᠵᠡᠩᠨᠡᠯᠲᠡ ᠬᠢᠬᠦ ᠶᠢ ᠳᠡᠮᠵᠢᠵᠦ᠂ ᠣᠯᠠᠨ ᠲᠦᠮᠡᠨ ᠤ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠨ᠂ ᠢᠳᠡᠭᠡᠨ ᠤᠮᠳᠠᠭᠠᠨ ᠤ ᠠᠵᠢᠯ ᠲᠥᠷᠥᠯ ᠤᠨ ᠪᠥᠬᠦ ᠲᠠᠯ᠎ᠠ ᠪᠠᠷ ᠡᠮᠬᠢ ᠵᠢᠷᠤᠮ ᠲᠠᠢ ᠪᠠᠷ ᠵᠥᠪ ᠵᠠᠮ ᠳᠤ ᠣᠷᠣᠬᠤ ᠶᠢ ᠠᠬᠢᠭᠤᠯᠪᠠ᠃      ᠦᠳᠡ ᠶᠢᠨ ᠬᠤᠶᠢᠨᠠᠬᠢ 6᠄ 00 ᠴᠠᠭ ᠲᠤ᠂ ᠺᠣᠳ᠋ ᠰᠢᠷᠪᠢᠵᠦ ᠪᠦᠷᠢᠳᠬᠡᠵᠦ᠂ ᠳᠤᠯᠠᠭᠠᠨ ᠢ ᠬᠡᠮᠵᠢᠵᠦ  ᠠᠷᠢᠭᠤᠳᠬᠠᠭᠰᠠᠨ ᠤ ᠳᠠᠷᠠᠭ᠎ᠠ᠂ ᠯᠢ ᠴᠦᠨ ᠶᠠᠨ ᠨᠠᠷ ᠮᠢᠨ ᠵᠦᠩ ᠲᠠᠲᠠᠮᠠᠯ ᠭᠤᠯᠢᠷ ᠤᠨ ᠭᠤᠸᠠᠨᠰᠠᠨ ᠳᠤ ᠣᠷᠣᠵᠤ᠂ ᠬᠤᠭᠤᠯᠠ ᠵᠠᠬᠢᠶᠠᠯᠠᠭᠰᠠᠨ ᠤ ᠳᠠᠷᠠᠭ᠎ᠠ ᠠᠯᠤᠰᠯᠠᠵᠤ ᠰᠠᠭᠤᠵᠠᠶ᠃ ︽ᠲᠠ ᠨᠠᠷ ᠬᠡᠵᠢᠶ᠎ᠡ ᠠᠴᠠ ᠡᠬᠢᠯᠡᠵᠦ ᠡᠵᠡᠩᠨᠡᠭᠰᠡᠨ ᠪᠤᠢ︖ ᠵᠣᠴᠢᠳ ᠤᠨ ᠤᠷᠤᠰᠬᠠᠯ ᠤᠨ ᠬᠡᠮᠵᠢᠶ᠎ᠡ ᠶᠠᠮᠠᠷ ᠵᠡᠷᠭᠡ ᠪᠤᠢ︖ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠤᠤ︖ ᠯᠢ ᠴᠦᠨ ᠶᠠᠨ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠮᠡᠳᠡᠭᠳᠡᠮ᠎ᠡ  ᠬᠢᠵᠠᠭᠠᠷᠯᠠᠵᠦ ᠪᠠᠶᠢᠨ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠬᠤ ᠶᠢᠨ ᠬᠠᠮᠲᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ ᠢᠲᠡᠭᠡᠯ ᠵᠣᠷᠢᠭ ᠢ ᠨᠢ ᠰᠡᠷᠭᠦᠭᠡᠵᠦ᠂ ᠬᠡᠪ ᠤᠨ ᠡᠵᠡᠩᠨᠡᠯᠲᠡ ᠶᠢᠨ ᠡᠮᠬᠢ ᠵᠢᠷᠤᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠦᠴᠢᠷ ᠢ ᠲᠤᠭᠤᠯᠬᠤ ᠶᠢ ᠳᠡᠮᠵᠢᠬᠦ ᠶᠢᠨ ᠬᠠᠮᠲᠤ ᠢᠳᠡᠭᠡᠨ ᠤᠮᠳᠠᠭᠠᠨ ᠤ ᠳᠡᠯᠭᠡᠭᠦᠷ ᠨᠢ ᠢᠳᠡᠭᠡᠨ ᠤ ᠠᠮᠤᠷ ᠲᠦᠪᠰᠢᠨ ᠢ ᠴᠢᠬᠤᠯᠠᠴᠢᠯᠠᠵᠤ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠶᠢ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠵᠦ᠂ ᠠᠷᠠᠳ ᠤᠯᠠᠨ ᠳᠤ ᠠᠮᠤᠷ ᠲᠦᠪᠰᠢᠨ ᠡᠮᠬᠢ ᠵᠢᠷᠤᠮ ᠲᠠᠢ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠯᠦ ᠢᠦᠢ ᠵᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1