ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠨ᠎ᠡ ᠶᠢᠩᠽᠢ  ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-24
      3 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠲᠣᠭᠲᠠᠬᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ᠂ ᠸᠠᠩ ᠯᠢ ᠰᠢᠶᠠ ᠱᠦᠵᠢ ᠶᠢᠨ ᠪᠠᠶᠢᠴᠠᠭᠠᠨ ᠰᠤᠳᠤᠯᠤᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠪᠠ ᠳᠤᠷᠠᠳᠤᠭᠰᠠᠨ ᠲᠣᠳᠣᠷᠬᠠᠶ ᠱᠠᠭᠠᠷᠳᠠᠯᠭ᠎ᠠ ᠳᠤ ᠴᠢᠭᠯᠡᠭᠦᠯᠦᠨ᠂ 3 ᠳ᠋ᠤᠭᠠᠷ ᠰᠠᠷ᠎ᠠ ᠶᠢᠨ 19 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠪᠠᠶᠢᠴᠠᠭᠠᠨ ᠰᠤᠳᠤᠯᠤᠯᠲᠠ ᠶᠢᠨ ᠱᠤᠭᠤᠮ ᠳᠠᠭᠠᠤ᠂  ᠰᠢᠨ᠎ᠡ ᠶᠢᠩᠽᠢ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠬᠠᠷᠢᠭᠤ ᠪᠠᠶᠢᠴᠠᠭᠠᠨ ᠰᠤᠳᠤᠯᠤᠯᠲᠠ ᠬᠢᠪᠠ᠃      ᠯᠢ ᠴᠦᠨ ᠶᠠᠨ ᠨᠠᠷ ᠡᠩ ᠲᠡᠷᠢᠭᠦᠨ ᠳᠤ ᠰᠢᠨ᠎ᠡ ᠶᠢᠩᠽᠢ ᠪᠠᠯᠭᠠᠰᠤᠨ ᠤ ᠱᠢ ᠵᠢᠶᠠ ᠳ᠋ᠠᠷᠮ᠎ᠠ ᠶᠢᠩ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠴᠢ ᠹᠦ᠋ ᠵᠦ ᠶᠢᠨ ᠭᠡᠷ ᠲᠤ ᠬᠦᠷᠴᠦ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠡᠷᠦᠬᠡ ᠴᠢ ᠹᠦ᠋ ᠵᠦ ᠶᠢᠨ ᠬᠡᠷ ᠪᠦᠯᠢ ᠶᠢᠨ ᠣᠷᠣᠯᠭ᠎ᠠ ᠨᠢ ᠬᠡᠳᠦ᠋ᠢᠪᠡᠷ ᠪᠠᠲᠤᠯᠠᠭ᠎ᠠ ᠲᠠᠢ ᠪᠣᠯᠤᠭᠰᠠᠨ ᠪᠣᠯᠪᠠᠴᠤ᠂ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠠᠪᠤᠳᠠᠯ ᠪᠠᠴᠢᠮ ᠱᠠᠭᠠᠷᠳᠠᠭᠳᠠᠵᠤ ᠪᠠᠶᠢᠨ᠎ᠠ᠃ ᠲᠡᠳᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ︽ᠬᠤᠶᠠᠷ ᠵᠣᠪᠠᠭ᠋ᠤ ᠦᠭᠡᠢ᠂ ᠭᠤᠷᠪᠠ ᠶᠢ ᠪᠠᠳᠤᠯᠠᠬᠤ︾ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠨᠠᠷᠢᠯᠢᠭᠵᠢᠭᠤᠯᠬᠤ ᠬᠡᠷᠡᠭᠲᠡᠶ ᠭᠡᠵᠦ ᠵᠠᠬᠢᠪᠠ᠃      ᠳᠠᠷᠠᠭ᠎ᠠ ᠨᠢ᠂ ᠯᠢ ᠴᠦᠨ ᠶᠠᠨ ᠨᠠᠷ ᠰᠢᠨ᠎ᠡ ᠶᠢᠩᠽᠢ ᠪᠠᠯᠭᠠᠰᠤᠨ ᠤ ᠰᠢᠨ᠎ᠡ ᠶᠢᠩᠽᠢ ᠲᠣᠰᠬᠤᠨ᠂ ᠵᠢᠶᠠᠨ ᠭᠸᠦ ᠲᠣᠰᠬᠤᠨ᠂ ᠮᠠ ᠱᠢ ᠶᠣᠣ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠦᠷᠦᠭᠰᠡᠨ ᠭᠠᠵᠠᠷ ᠪᠣᠯᠭᠠᠨ ᠳᠤ᠂ ᠯᠢ ᠴᠦᠨ ᠶᠠᠨ ᠴᠥᠮ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠢ ᠶᠠᠷᠢᠯᠴᠠᠬᠤ ᠬᠤᠷᠠᠯ ᠬᠢᠵᠦ᠂ ᠡᠯ᠎ᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠰᠤᠨᠤᠰᠤᠭᠰᠠᠨ ᠪᠥᠭᠡᠳ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠲᠡᠷᠡ᠂ 2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠤᠯᠬᠤ ᠡᠴᠦᠰ ᠤᠨ ᠵᠢᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠲᠣᠰᠬᠤᠨ ᠳᠤ ᠰᠠᠭᠤᠭ ᠎ᠠ ᠬᠠᠪᠰᠤᠷᠤᠨ ᠲᠡᠳᠬᠦᠬᠦ ᠡᠯ᠎ᠡ ᠨᠢᠭᠡᠴᠡ ᠡᠷᠬᠡᠪᠰᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠵᠦᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠮᠠᠭᠠᠶ ᠵᠢᠭᠰᠠᠭᠠᠨ ᠪᠠᠶᠢᠴᠠᠭᠠᠵᠤ᠂ ᠨᠢᠭᠡ ᠡᠷᠦᠬᠡ ᠠᠴᠠ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠵᠤ᠂ ᠡᠯ᠎ᠡ ᠵᠦᠢᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠠᠲᠤ ᠴᠢᠩᠭ᠎ᠠ ᠦᠷ᠎ᠡ ᠪᠦᠲᠦᠮᠵᠢ ᠪᠠᠷ ᠨᠠᠮ ᠤᠨ ᠲᠥᠪ ᠬᠤᠷᠢᠶ᠎ᠠ ᠪᠠ ᠠᠷᠠᠳ ᠲᠦᠮᠡᠨ ᠤ ᠰᠢᠯᠭᠠᠯᠲᠠ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠶ᠃ ᠲᠣᠰᠬᠤᠨ ᠳᠤ ᠰᠠᠭᠤᠭ᠎ᠠ ᠺᠠᠳ᠋ᠷ ᠡᠷᠦᠬᠡ ᠳᠤ ᠬᠦᠷᠴᠦ ᠲᠠᠶᠢᠯᠪᠤᠷᠢᠯᠠᠵᠤ᠂ ᠶᠠᠳᠠᠭᠤ  ᠬᠦᠴᠦᠷᠳᠡᠯᠳᠡᠢ ᠡᠷᠦᠬᠡ ᠳᠤ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠴᠢ ᠲᠣᠳᠣᠷᠬᠠᠶ ᠺᠠᠷᠲ ᠤᠨ ᠪᠣᠳᠠᠲᠠᠶ ᠠᠭᠤᠯᠭ᠎ᠠ ᠶᠢ ᠮᠡᠳᠡᠭᠦᠯᠵᠦ᠂ ᠲᠣᠳᠣᠷᠬᠠᠶ ᠺᠠᠷᠲ ᠣᠯᠭᠤᠬᠤ ᠬᠡᠷᠡᠭᠲᠡᠶ᠃ ᠰᠢᠨ᠎ᠡ ᠶᠢᠩᠽᠢ ᠪᠠᠯᠭᠠᠰᠤ ᠨᠤᠭᠤᠳ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠲᠤᠷ ᠠᠳᠬᠤᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ ᠡᠷᠦᠬᠡ ᠶᠢᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠶᠠᠳᠠᠭᠤ ᠠᠴᠠ ᠠᠩᠭᠢᠵᠢᠷᠠᠭᠤᠯᠬᠤ ᠲᠣᠭᠲᠠᠴᠠ ᠶᠢ ᠪᠣᠶ ᠪᠣᠯᠭᠠᠵᠤ᠂ ᠬᠦᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠳᠠᠭᠠᠵᠤ ᠠᠮᠵᠢᠬᠤ ᠬᠡᠷᠡᠭᠲᠡᠶ᠃ ᠡᠭᠦᠨ ᠤ ᠳᠤ ᠬᠠᠮᠲᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂  ᠰᠢᠶᠤᠤ ᠺᠸᠤ ᠽᠢ ᠤᠨ ᠪᠤᠳᠠᠭᠠᠨ ᠰᠤᠷ᠂ ᠾᠧᠢ ᠱᠦᠶ ᠴᠢᠤᠸᠠᠨ ᠳ᠋ᠧᠦᠹᠦ᠋᠂ ᠾᠧᠢ ᠴᠧᠩ ᠤᠨ ᠣᠯᠣᠰᠣᠨ ᠰᠢᠬᠢᠷ ᠵᠡᠷᠭᠡ ᠠᠯᠳᠠᠷᠰᠢᠯ ᠢᠶᠠᠷ ᠨᠡᠯᠢᠶᠡᠳ ᠥᠨᠳᠥᠷ ᠦᠢᠯᠡᠳᠭᠦᠨ ᠤ ᠲᠣᠭᠤᠷᠢᠨ ᠳᠤ ᠢᠳᠡᠭᠡᠨ ᠤ ᠵᠦᠢᠯ ᠤᠨ ᠠᠵᠤ ᠦᠢᠯᠡᠰ ᠤᠨ ᠬᠡᠯᠬᠢᠶ᠎ᠡ ᠪᠠᠶᠢᠭᠤᠯᠵᠤ᠂ ᠦᠢᠯᠡᠳᠪᠦᠷᠢᠯᠡᠯ ᠤᠨ ᠬᠡᠪᠴᠢᠶ᠎ᠡ ᠪᠠᠨ ᠨᠡᠮᠡᠭᠳᠡᠭᠦᠯᠦᠨ᠂ ᠠᠵᠤ ᠦᠶᠢᠯᠡᠰᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠪᠣᠬᠢᠷᠲᠤᠯ ᠦᠭᠡᠢ ᠠᠮᠤᠷ ᠲᠦᠪᠰᠢᠨ᠂ ᠴᠢᠨᠠᠷ ᠰᠠᠶᠢᠲᠠᠶ ᠥᠨᠳᠥᠷ ᠦᠷ᠎ᠡ ᠪᠦᠳᠦᠮᠵᠢᠳᠡᠢ ᠲᠠᠢ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠪᠠᠲᠤ ᠪᠠᠬᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠢ᠃      ᠯᠢ ᠴᠦᠨ ᠶᠠᠨ ᠨᠠᠷ ᠪᠠᠰᠠ ᠵᠠᠮ ᠳᠠᠭᠠᠤ ᠰᠢᠨ᠎ᠡ ᠶᠢᠩᠽᠢ ᠪᠠᠯᠭᠠᠰᠤᠨ ᠤ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ  ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠠᠷᠠᠯᠵᠢᠶ᠎ᠠ ᠬᠤᠳᠠᠯᠳᠤᠭᠠᠨ ᠤ ᠵᠡᠭᠡᠯᠢ ᠭᠤᠳᠤᠮᠵᠢ ᠶᠢᠨ ᠳᠡᠯᠭᠡᠴᠡ᠂ ᠳᠡᠯᠭᠡᠭᠦᠷ ᠢ ᠪᠠᠶᠢᠴᠠᠭᠠᠨ ᠦᠵᠡᠵᠦ᠂ ᠬᠤᠳᠠᠯᠳᠤᠭᠠᠨ ᠤ ᠮᠢᠬᠠᠨ ᠤ ᠲᠦᠷᠦᠯ ᠤᠨ ᠬᠢᠵᠢᠭ ᠪᠠᠶᠢᠴᠠᠭᠠᠭᠰᠠᠨ ᠭᠡᠷᠡᠴᠢ᠂ ᠪᠠᠷᠠᠭ᠎ᠠ ᠣᠷᠣᠭᠤᠯᠬᠤ ᠡᠬᠡ ᠲᠠᠩᠰᠠ ᠵᠡᠷᠭᠡ ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠠᠷᠢᠨ ᠪᠠᠶᠢᠴᠠᠭᠠᠪᠠ᠃ ᠵᠡᠭᠡᠯᠢ ᠶᠢᠨ ᠬᠠᠵᠠᠭᠤᠳᠠᠬᠢ ᠥᠨᠳᠡᠭᠡ ᠲᠠᠢ ᠪᠣᠭᠤᠷᠰᠤᠭ ᠤᠨ ᠳᠡᠯᠭᠡᠭᠦᠷ ᠲᠤ ᠯᠢ ᠴᠦᠨ ᠶᠠᠨ ᠥᠨᠳᠡᠭᠡ ᠲᠠᠢ ᠪᠣᠭᠤᠷᠰᠤᠭ ᠬᠢᠬᠦ ᠪᠦᠬᠦ ᠶᠠᠪᠤᠴᠠ ᠶᠢ ᠲᠣᠭᠤᠷᠢᠨ ᠦᠵᠡᠵᠦ᠂ ᠥᠨᠳᠡᠭᠡ ᠲᠠᠢ ᠪᠣᠭᠤᠷᠰᠤᠭ ᠤᠨ ᠳᠡᠯᠭᠡᠭᠦᠷ ᠤᠨ ᠢᠳᠡᠭᠡᠨ ᠢ ᠢᠯᠡ ᠬᠠᠳᠠᠭᠠᠯᠠᠬᠤ᠂ ᠥᠨᠳᠡᠭᠡ ᠲᠠᠢ ᠪᠣᠭᠤᠷᠰᠤᠭ ᠢ ᠪᠣᠯᠪᠠᠰᠤᠷᠠᠭᠤᠯᠬᠤ ᠣᠷᠴᠢᠨ ᠲᠣᠭᠤᠷᠢᠨ ᠵᠡᠷᠭᠡ ᠠᠰᠠᠭᠤᠳᠠᠯ ᠤᠨ ᠲᠤᠬᠠᠢ ᠲᠣᠳᠣᠷᠬᠠᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ ᠡᠯ᠎ᠡ ᠲᠥᠷᠥᠯ ᠤᠨ ᠦᠢᠯᠡᠴᠢᠯᠡᠭᠡᠨ ᠤ ᠦᠢᠯᠡᠰ ᠵᠠᠯᠭᠠᠯᠳᠤᠭᠠᠪᠠᠷ ᠦᠢᠯᠡᠳᠪᠦᠷᠢᠯᠡᠯ ᠢᠶᠠᠨ ᠰᠡᠷᠭᠦᠭᠡᠵᠦ ᠪᠠᠶᠢᠨ᠎ᠠ᠂ ᠰᠢᠨ᠎ᠡ ᠶᠢᠩᠽᠢ ᠪᠠᠯᠭᠠᠰᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠦᠴᠦᠨ ᠢᠶᠠᠷ ᠢᠶᠠᠨ ᠳᠡᠮᠵᠢᠵᠦ᠂ ᠢᠳᠡᠭᠡᠨ ᠤ ᠠᠮᠤᠷ ᠲᠦᠪᠰᠢᠨ᠂ ᠡᠮ ᠤᠨ ᠵᠦᠢᠯ ᠤᠨ ᠠᠮᠤᠷ ᠲᠦᠪᠰᠢᠨ᠂ ᠡᠵᠡᠩᠨᠡᠯᠲᠡ ᠶᠢᠨ ᠵᠢᠷᠤᠮᠵᠢᠯ ᠵᠡᠷᠭᠡ ᠭᠤᠤᠯᠳᠠᠯᠭ᠎ᠠ ᠲᠠᠢ ᠠᠰᠠᠭᠤᠳᠠᠯ ᠳᠤ ᠪᠠᠶᠢᠴᠠᠭᠠᠯᠲᠠ ᠬᠢᠵᠦ᠂ ᠬᠤᠳᠠᠯᠳᠤᠭᠠᠴᠢᠳ ᠡᠷᠦᠬᠡ ᠶᠢᠨ ᠬᠠᠤᠯᠢ ᠶᠣᠰᠣᠨ ᠤ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠬᠤ ᠬᠡᠷᠡᠭᠲᠡᠶ᠃ ᠡᠭᠦᠨ ᠤ ᠬᠠᠮᠲᠤ ᠣᠷᠴᠢᠨ ᠠᠬᠤᠶ ᠶᠢᠨ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠦ᠂ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠤᠨ ᠵᠠᠮ ᠡᠵᠡᠯᠡᠨ ᠡᠵᠡᠩᠨᠡᠬᠦ᠂ ᠬᠤᠭ ᠨᠣᠪᠰᠢ ᠳᠤᠷ᠎ᠠ ᠪᠠᠷ ᠬᠠᠶᠠᠬᠤ ᠵᠡᠷᠭᠡ ᠦᠢᠯᠡ ᠠᠵᠢᠯᠯᠠᠭ᠎ᠠ ᠶᠢ ᠬᠦᠴᠦ ᠲᠠᠯᠪᠢᠨ ᠴᠡᠭᠴᠡᠯᠡᠨ ᠵᠠᠰᠠᠵᠤ᠂ ᠠᠷᠠᠳ ᠤᠯᠠᠨ ᠲᠤ ᠠᠷᠢᠭᠤᠨ ᠴᠡᠪᠡᠷ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠶ ᠭᠡᠪᠡ᠃      ᠯᠢ ᠴᠦᠨ ᠶᠠᠨ ᠪᠠᠰᠠ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠦᠪᠯᠡᠯ ᠨᠢ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠮᠠᠰᠢᠨ ᠪᠠᠭᠠᠵᠢ ᠳᠣᠭᠢᠷᠠᠭᠤᠯᠤᠨ᠂ ᠣᠯᠠᠨ ᠲᠦᠮᠡᠨ ᠤ ᠬᠦᠴᠦᠨ ᠢ ᠥᠷᠭᠡᠨ ᠢᠶᠠᠷ ᠳᠠᠶᠢᠴᠢᠯᠠᠵᠤ᠂ ᠪᠠᠯᠭᠠᠰᠤ᠂ ᠲᠣᠰᠬᠤᠨ᠂ ᠭᠠᠵᠠᠷ ᠣᠷᠣᠨ ᠢᠶᠠᠷ ᠨᠢᠭᠡᠴᠢ ᠪᠣᠯᠭᠠᠭᠰᠠᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠦᠢᠯᠡᠳᠦᠯ ᠢ  ᠭᠦᠢᠴᠡᠳ ᠪᠠᠳᠠᠷᠠᠭᠤᠯᠵᠤ᠂ ᠪᠥᠬᠦ ᠣᠷᠣᠨ ᠪᠦᠰᠡ ᠶᠢᠨ ᠬᠢᠨᠠᠨ ᠡᠵᠡᠮᠳᠡᠵᠦ ᠬᠠᠮᠢᠶᠠᠷᠴᠤ᠂ ᠰᠢᠲᠠᠬᠤ ᠶᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠬᠦ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1