ᠬᠤᠲᠠ ᠶᠢᠨ ᠤᠳᠤᠷᠢᠳᠤᠯᠭ᠎ᠠ ᠲᠤᠭᠳᠠᠬᠤ ᠰᠢᠶᠠᠨ ᠳᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-03-25
      ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠮᠢᠨ ᠪᠦᠯᠬᠦᠮ ᠳᠠᠭᠠᠭᠤᠯᠤᠨ ᠲᠤᠭᠳᠠᠬᠤ ᠰᠢᠶᠠᠨ ᠳᠤ ᠬᠦᠷᠴᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠳᠡᠳ᠋ ᠡᠷᠬᠢᠯᠡᠭᠴᠢ ᠸᠠᠩ ᠶᠦᠩ ᠪᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢᠦ ᠮᠢᠨ ᠨᠡᠷ ᠤᠷᠢᠳ ᠬᠤᠵᠢᠳ ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠤ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠴᠢᠭ᠋᠂ ᠳ᠋ᠦᠩᠱᠧᠩ ᠨᠡᠶᠢᠭᠡᠮ ᠲᠣᠭᠤᠷᠢᠭ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠦᠭᠡ︾ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠥᠷᠨᠢᠭᠦᠯᠦᠭᠰᠡᠨ ᠪᠠᠶᠢᠳᠠᠯ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠯᠢᠦ ᠮᠢᠨ ᠬᠤᠯᠪᠣᠭᠳᠠᠯ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ᠂ ᠲᠤᠭᠳᠠᠬᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠲᠠ ᠶᠢᠨ ᠤᠨᠤᠰᠢᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ ᠲᠣᠭᠠᠨ ᠤ ᠳᠣᠲᠣᠷ᠎ᠠ ᠬᠢᠵᠠᠭᠠᠷᠯᠠᠵᠤ᠂ ᠣᠲᠣ ᠪᠠᠶᠢᠭ᠎ᠠ ᠤᠨᠤᠰᠢᠯᠠᠭᠰᠠᠨ ᠡᠪᠡᠳᠴᠢᠨ ᠤ ᠵᠢᠱᠢᠶ᠎ᠡ ᠶᠢ ︽ᠲᠡᠭ︾ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠣᠲᠣ ᠶᠠᠭ ᠬᠡᠪ ᠤᠨ ᠪᠠᠶᠢᠳᠠᠯ ᠢᠶᠠᠨ ᠲᠦᠷᠭᠡᠨ ᠰᠡᠷᠭᠦᠭᠡᠵᠦ ᠪᠠᠶᠢᠨ᠎ᠠ᠃ ᠭᠡᠪᠡᠴᠦ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠢᠵᠢᠭ ᠤᠨ ᠪᠠᠶᠢᠳᠠᠯ ᠤᠨ ᠬᠤᠪᠢᠷᠠᠯᠳᠠ ᠶᠢ ᠳᠠᠭᠠᠯᠳᠤᠨ᠂ ᠭᠠᠳᠠᠨᠠᠬᠢ ᠢᠯᠠᠩᠭᠤᠶ᠎ᠠ ᠬᠢᠯᠢ ᠶᠢᠨ ᠭᠠᠳᠠᠨ᠎ᠠ ᠣᠷᠣᠭᠤᠯᠬᠤ ᠲᠦᠭᠰᠢᠭᠦᠷᠢ ᠠᠯᠬᠤᠮ ᠠᠯᠬᠤᠮ ᠢᠶᠠᠷ ᠨᠡᠮᠡᠭᠳᠡᠵᠦ᠂ ᠬᠢᠵᠢᠭ ᠳᠠᠬᠢᠨ ᠡᠭᠦᠰᠬᠦ ᠲᠦᠭᠰᠢᠭᠦᠷᠢ ᠶᠢ ᠣᠮᠲᠣᠭᠠᠶᠢᠯᠠᠵᠤ ᠪᠣᠯᠤᠰᠢ ᠦᠭᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠭᠦᠷᠭᠡ ᠮᠥᠨ ᠬᠦ ᠨᠦᠰᠡᠷ ᠬᠦᠨᠳᠦ ᠪᠠᠶᠢᠭᠰᠠᠭᠠᠷ᠃ ᠲᠤᠭᠳᠠᠬᠤ ᠰᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ︔ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ︔ ᠲᠥᠯᠥᠭᠡᠯᠡᠭᠴᠢᠳ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠥᠷᠭᠡᠨ ᠳᠡᠯᠭᠡᠷ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ︔ ᠲᠣᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠰᠠᠭᠤᠷᠢ ᠪᠠᠨ ᠪᠠᠬᠢᠵᠢᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1