ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤ ᠡᠰᠢ ᠰᠦᠷᠡᠯ ᠢ ᠬᠤᠷᠢᠶᠠᠨ ᠠᠪᠬᠤ ︽ᠲᠠᠪᠤᠨ ᠵᠦᠢᠯ ᠢ ᠲᠡᠭ ᠪᠣᠯᠭᠠᠬᠤ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020-04-12
      ᠤᠳᠠᠯ ᠦᠭᠡᠢ ᠬᠠᠪᠤᠷ ᠲᠠᠷᠢᠶᠠᠯᠠᠭ᠎ᠠ ᠪᠤᠯᠬᠤ ᠭᠡᠵᠦ ᠪᠠᠶᠢᠭ᠎ᠠ ᠪᠤᠯᠬᠤᠷ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ  ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠠᠩᠭᠢᠯᠠᠭ᠎ᠠ ᠶᠢᠨ ᠴᠠᠭ ᠢ ᠲᠣᠳᠣᠷᠬᠠᠶ ᠪᠣᠯᠭᠠᠵᠤ᠂ ᠬᠦᠴᠦᠨ ᠴᠢᠳᠠᠯ ᠢᠶᠠᠨ ᠨᠡᠮᠡᠭᠳᠡᠭᠦᠯᠵᠦ ᠪᠠᠶᠢᠭᠠᠳ ᠡᠰᠢ ᠰᠦᠷᠡᠯ ᠢ ᠡᠭᠡᠭᠦᠯᠦᠨ ᠬᠤᠷᠢᠶᠠᠵᠤ ᠪᠠᠶᠢᠨ᠎ᠠ᠂ ᠣᠳᠣᠬᠠᠨ ᠳᠤ᠂ ᠪᠦᠬᠦ ᠪᠠᠯᠭᠠᠰᠤᠨ ᠤ 26 ᠵᠠᠰᠠᠭ ᠵᠠᠬᠢᠷᠭᠠᠨ ᠤ ᠲᠣᠰᠬᠤᠨ ᠤ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠡᠭᠦᠷᠭᠡ ᠶᠢ ᠪᠦᠬᠦᠨ ᠢᠶᠠᠷ ᠢᠶᠠᠨ ᠪᠡᠶᠡᠯᠡᠭᠦᠯᠵᠦ᠂ ᠪᠦᠬᠦ ᠪᠠᠯᠭᠠᠰᠤᠨ ᠤ ᠡᠰᠢ ᠰᠦᠷᠡᠯ ᠢ ᠡᠭᠡᠭᠦᠯᠦᠨ ᠬᠤᠷᠢᠶᠠᠬᠤ ᠶᠢᠨ ︽ᠲᠠᠪᠤᠨ ᠵᠦᠢᠯ ᠢ ᠲᠡᠭ ᠪᠣᠯᠭᠠᠬᠤ︾ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠲᠠᠷᠢᠶᠠᠯᠠᠬᠤ ᠳᠤ ᠪᠡᠯᠡᠳᠬᠡᠬᠦ ᠬᠠᠪᠤᠷ ᠲᠠᠷᠢᠶᠠᠯᠠᠭ᠎ᠠ ᠶᠢᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠭᠰᠠᠨ ᠪᠠᠶᠢᠨ᠎ᠠ᠃       ᠰᠢᠨ᠎ᠡ ᠶᠢᠩᠽᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠼᠦᠢ ᠰᠢ ᠯᠧ᠄ ︽ᠲᠠᠷᠢᠶᠠᠯᠠᠩ ᠤᠨ ᠴᠠᠭ ᠢ ᠰᠠᠭᠠᠲᠠᠭᠠᠬᠤ ᠥᠬᠡᠶ ᠪᠠᠶᠢᠬᠤ ᠶᠢᠨ ᠲᠥᠯᠥᠭᠡ᠂ ᠪᠠᠯᠭᠠᠰᠤᠨ ᠤ ᠤᠳᠤᠷᠢᠳᠤᠯᠭ᠎ᠠ ᠵᠢᠴᠢ ᠠᠵᠢᠯᠳᠠᠨ ᠲᠣᠰᠬᠤᠨ ᠤ ᠠᠷᠠᠳ ᠲᠠᠢ ᠬᠠᠮᠲᠤ ᠮᠥᠷᠥ ᠵᠡᠷᠭᠡᠴᠡᠨ ᠪᠠᠶᠢᠯᠳᠤᠵᠤ᠂ 1 ᠰᠠᠷ᠎ᠠ ᠭᠠᠷᠤᠶ ᠴᠢᠷᠮᠠᠶᠢᠨ ᠠᠵᠢᠯᠯᠠᠵᠠᠶ᠃ ᠡᠭᠦᠨ ᠠᠴᠠ ᠭᠠᠳᠠᠨ᠎ᠠ᠂ ᠪᠣᠭᠤᠵᠢᠯᠠᠬᠤ ᠠᠬᠢᠴᠠ ᠶᠢ ᠪᠠᠲᠤᠯᠠᠬᠤ ᠶᠢᠨ ᠲᠥᠯᠥᠭᠡ᠂ ᠪᠠᠯᠭᠠᠰᠤᠨ ᠤ ᠵᠠᠰᠠᠭ ᠤᠨ ᠣᠷᠳᠣᠨ 5 ᠲᠤᠰᠬᠠᠶ ᠮᠡᠷᠭᠡᠵᠢᠯ ᠤᠨ ᠡᠭᠡᠭᠦᠯᠦᠨ ᠬᠤᠷᠢᠶᠠᠬᠤ ᠠᠵᠤ ᠠᠬᠤᠶᠢᠯᠠᠯ ᠲᠠᠢ ᠬᠠᠷᠢᠯᠴᠠᠵᠤ᠂ 13 ᠡᠰᠢ ᠰᠦᠷᠡᠯ ᠪᠠᠭᠴᠢᠯᠴᠬᠤ ᠮᠠᠰᠢᠨ ᠲᠣᠬᠢᠷᠠᠭᠤᠯᠵᠤ᠂ ᠡᠳᠦᠷ ᠪᠦᠷᠢ 2700 ᠮᠥ ᠡᠰᠢ ᠰᠦᠷᠡᠯ ᠢ ᠪᠣᠭᠤᠵᠢᠯᠠᠪᠠ       ᠣᠶᠢᠯᠠᠭᠠᠭᠰᠠᠨ ᠢᠶᠠᠷ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠠᠴᠠ ᠡᠮᠦᠨᠡᠬᠡᠨ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠠᠵᠢᠯ ᠪᠣᠯ ᠥᠷᠭᠡᠨ ᠣᠯᠠᠨ ᠲᠠᠷᠢᠶᠠᠴᠢᠨ ᠡᠷᠦᠬᠡ ᠶᠢᠨ ᠡᠮᠦᠨ᠎ᠡ ᠲᠠᠯᠪᠢᠭᠳᠠᠵᠤ ᠪᠠᠶᠢᠭ᠎ᠠ ᠲᠡᠷᠢᠭᠦᠨ ᠴᠢᠬᠤᠯᠠ ᠠᠰᠠᠭᠤᠳᠠᠯ ᠪᠣᠯᠤᠨ᠎ᠠ᠃ ᠲᠣᠭᠲᠠᠬᠤ ᠰᠢᠶᠠᠨ ᠤ ᠮᠢᠨ ᠴᠢᠶᠠᠩ ᠡᠭᠦᠯᠳᠡᠷ ᠤᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠪᠣᠯᠤᠨ ᠰᠢᠨ᠎ᠡ ᠶᠢᠩᠽᠢ ᠪᠠᠯᠭᠠᠰᠤᠨ ᠤ ᠬᠠᠮᠲᠤᠷᠠᠨ ᠠᠵᠢᠯᠯᠠᠵᠤ ᠪᠠᠶᠢᠭ᠎ᠠ ᠬᠡᠳᠦᠨ ᠲᠤᠰᠬᠠᠶ ᠮᠡᠷᠭᠡᠵᠢᠯ ᠤᠨ ᠡᠰᠢ ᠰᠦᠷᠡᠯ ᠢ ᠬᠤᠷᠢᠶᠠᠨ ᠠᠪᠬᠤ ᠠᠵᠤ ᠠᠬᠤᠶᠢᠯᠠᠯ ᠡᠳᠦᠷ ᠪᠦᠷᠢ ᠬᠡᠳᠦᠨ ᠪᠣᠭᠤᠵᠢᠯᠠᠬᠤ ᠮᠠᠰᠢᠨ᠂ ᠡᠪᠡᠰᠦ ᠬᠠᠮᠤᠬᠤ ᠮᠠᠰᠢᠨ᠂ ᠬᠠᠪᠲᠠᠭᠠᠶ ᠴᠢᠷᠦᠭᠦᠯ ᠲᠡᠷᠭᠡ ᠵᠡᠷᠭᠡ ᠪᠠᠷ ᠠᠵᠢᠯᠯᠠᠵᠤ᠂ ᠪᠣᠭᠤᠵᠢᠯᠠᠬᠤ ᠠᠵᠢᠯ ᠤᠨ ᠠᠬᠢᠴᠠ ᠪᠠᠨ ᠶᠡᠭᠡ ᠪᠠᠷ ᠲᠦᠷᠭᠡᠳᠬᠡᠭᠰᠡᠨ ᠪᠥᠭᠡᠳ ᠲᠠᠷᠢᠶᠠᠨ ᠭᠠᠵᠠᠷ ᠢ ᠴᠡᠪᠡᠷᠯᠡᠭᠡᠳ ᠬᠡᠮᠬᠡᠷᠬᠡᠶ ᠰᠢᠭᠠᠷᠤ ᠭᠤᠭᠤᠵᠢᠬᠤ ᠥᠬᠡᠶ ᠪᠣᠯᠬᠤᠷ ᠲᠣᠰᠬᠤᠨ ᠤ ᠠᠷᠠᠳ ᠭᠠᠵᠠᠷ ᠢᠶᠠᠨ ᠤᠷᠪᠠᠭᠤᠯᠪᠠᠯ ᠳᠠᠷᠤᠶ ᠳᠠᠷᠢᠵᠤᠪᠣᠯᠤᠨ᠎ᠠ᠃ ᠮᠢᠨ ᠴᠢᠶᠠᠩ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠯᠢ ᠶᠤᠸᠠᠢ ᠴᠢᠶᠠᠩ ᠰᠤᠷᠪᠤᠯᠵᠢᠯᠠᠭᠴᠢ ᠳᠤ᠄ ︽ᠨᠢᠭᠡ ᠮᠥ ᠡᠰᠢ ᠰᠦᠷᠡᠯ ᠢ ᠬᠤᠷᠢᠶᠠᠨ ᠠᠪᠬᠤ ᠪᠦᠷᠢ ᠵᠠᠰᠠᠭ ᠤᠨ ᠣᠷᠳᠣᠨ ᠠᠴᠠ ᠨᠦᠬᠦᠪᠦᠷᠢ ᠣᠯᠭᠤᠳᠠᠭ᠂ ᠲᠡᠷᠡᠴᠢᠯᠡᠨ ᠪᠠᠭᠯᠠᠭᠠᠳ ᠬᠡᠯᠪᠡᠷᠢᠵᠢᠭᠦᠯᠦᠭᠰᠡᠨ ᠡᠰᠢ ᠰᠦᠷᠡᠯ ᠢ ᠲᠤᠰᠬᠠᠶ ᠬᠥᠮᠦᠨ ᠬᠤᠷᠢᠶᠠᠵᠦ᠂ ᠲᠣᠨ ᠪᠦᠷᠢ ᠶᠢᠨ ᠡᠰᠢ ᠰᠦᠷᠡᠯ ᠤᠨ ᠵᠠᠬ᠎ᠠ ᠳᠡᠯᠭᠡᠭᠦᠷ ᠤᠨ ᠬᠤᠳᠠᠯᠳᠤᠬᠤ ᠦᠨ᠎ᠡ ᠨᠢ ᠬᠠᠮᠤᠭ ᠳᠣᠤᠷ᠎ᠠ ᠳᠠᠭᠠᠨ 500 ᠲᠥᠭᠦᠷᠢᠭ ᠪᠣᠯᠤᠨ᠎ᠠ᠃ ᠲᠣᠰᠬᠤᠨ ᠤ ᠠᠷᠠᠳ ᠤᠨ ᠪᠡᠶ᠎ᠡ ᠶᠢᠨ ᠬᠥᠳᠡᠯᠮᠦᠷᠢ ᠶᠢ ᠴᠤᠴᠠᠯᠠᠭᠰᠠᠨ ᠢᠶᠠᠷ ᠪᠠᠷᠠᠬᠤ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠠᠰᠢᠭᠲᠠᠢ᠂ ᠠᠵᠤ ᠠᠬᠤᠶᠢᠯᠠᠯ ᠪᠠᠰᠠ ᠣᠷᠣᠯᠭ᠎ᠠ ᠲᠠᠢ᠂ ᠲᠠᠷᠢᠶᠠᠯᠠᠬᠤ ᠪᠠᠷ ᠪᠡᠯᠡᠳᠬᠡᠬᠦ ᠠᠴᠠ ᠡᠮᠦᠨᠡᠬᠡᠨ᠂ ᠡᠰᠢ ᠰᠦᠷᠡᠯ ᠪᠦᠬᠦᠨ ᠢᠶᠠᠷ ᠢᠶᠠᠨ ᠲᠠᠷᠢᠶᠠᠨ ᠭᠠᠵᠠᠷ ᠠᠴᠠ ᠰᠠᠯᠭᠠᠬᠤ᠂ ᠲᠣᠰᠬᠤᠨ ᠤ ᠠᠷᠠᠳ ᠤᠨ ᠡᠰᠢ ᠰᠦᠷᠡᠯ ᠰᠢᠲᠠᠭᠠᠬᠤ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠪᠠᠲᠤᠯᠠᠪᠠ ᠭᠡᠵᠦ ᠶᠠᠷᠢᠵᠦ ᠪᠠᠶᠢᠯ᠎ᠠ᠃        ᠣᠳᠣᠬᠠᠨ ᠳᠤ ᠰᠢᠨ᠎ᠡ ᠶᠢᠩᠽᠢ ᠪᠠᠯᠭᠠᠰᠤᠨ ᠤ ᠡᠭᠡᠭᠦᠯᠦᠨ ᠬᠤᠷᠢᠶᠠᠬᠤ 11.5 ᠲᠦᠮᠡᠨ ᠮᠦ ᠡᠰᠢ ᠰᠦᠷᠡᠯ ᠢ ᠪᠦᠬᠦᠨ ᠢ ᠲᠠᠷᠢᠶᠠᠨ ᠭᠠᠵᠠᠷ ᠠᠴᠠ ᠰᠠᠯᠭᠠᠵᠤ᠂ ᠡᠰᠢ ᠰᠦᠷᠡᠯ ᠢ ᠡᠭᠡᠭᠦᠯᠦᠨ ᠬᠤᠷᠢᠶᠠᠬᠤ ᠠᠵᠢᠯ ᠳᠤ ᠪᠤᠶ ᠪᠦᠬᠦᠢ ᠵᠠᠰᠠᠭ ᠵᠠᠬᠢᠷᠭᠠᠨ ᠤ ᠲᠣᠰᠬᠤᠨ ᠤ ᠬᠠᠳᠠᠭᠠᠯᠠᠮᠵᠢ ᠶᠢ ᠲᠡᠭ ᠪᠣᠯᠭᠠᠵᠤ᠂ ᠲᠠᠷᠢᠶᠠᠨ ᠭᠠᠵᠠᠷ ᠤᠨ ᠡᠰᠢ ᠰᠦᠷᠡᠯ ᠤᠨ ᠦᠯᠡᠳᠡᠭᠳᠡᠯ ᠢ ᠲᠡᠭ ᠪᠣᠯᠭᠠᠵᠤ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠵᠤ ᠪᠣᠭᠤᠵᠢᠯᠠᠭᠰᠠᠨ ᠮᠠᠲ᠋ᠧᠷᠢᠶᠠᠯ ᠤᠨ ᠡᠬᠡ ᠳᠠᠩᠰᠠ ᠶᠢ ᠲᠡᠭ ᠪᠣᠯᠭᠠᠬᠤ᠂ ᠪᠡᠶᠡᠯᠡᠭᠦᠯᠵᠡᠶ᠃ ᠲᠣᠰᠬᠤᠨ ᠤ ᠠᠵᠤ ᠠᠬᠤᠶᠢᠯᠠᠯ ᠤᠨ ᠬᠠᠮᠵᠢᠯᠴᠠᠭ᠎ᠠ ᠬᠦᠷᠦᠯᠴᠡᠬᠦ ᠦᠭᠡᠶ ᠪᠠᠶᠢᠬᠤ ᠲᠣᠬᠢᠶᠠᠯ ᠢ ᠠᠰᠢᠭᠯᠠᠵᠦ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠡᠭᠦᠷᠭᠡ  ᠶᠢᠨ ᠠᠬᠢᠴᠠ ᠶᠢ ᠲᠡᠭᠡᠭᠰᠢᠯᠡᠭᠦᠯᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1