ᠣᠯᠠᠨ ᠲᠦᠮᠡᠨ ᠤ ᠠᠰᠢᠭ ᠲᠤᠰᠠ ᠶᠢᠨ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠮᠡᠭᠳᠡᠭᠦᠯᠦᠨ᠎ᠡ
ᠨᠡᠶᠢᠲᠡᠯᠡᠭᠰᠡᠨ ᠴᠠᠭ᠄
2020-04-17
     38 ᠳ᠋ᠤᠭᠠᠷ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2019 ᠣᠨ ᠤ ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠴᠣᠬᠢᠯᠲᠠ ᠥᠭᠬᠦ ᠠᠵᠢᠯ ᠤᠨ ᠲᠠᠯ᠎ᠠ ᠪᠠᠷ ᠬᠢ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠷ᠎ᠡ ᠪᠦᠳᠦᠮᠵᠢ ᠶᠢ ᠪᠥᠬᠦ ᠲᠠᠯ᠎ᠠ ᠪᠠᠷ ᠲᠤᠰᠬᠠᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠱᠥ ᠴᠢᠤᠸᠠᠨ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠪᠠᠶᠢᠨ᠎ᠠ᠃      ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠴᠣᠬᠢᠯᠲᠠ ᠥᠭᠬᠦ ᠨᠢ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠴᠡᠪᠡᠷᠰᠢᠭᠦᠯᠬᠦ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠮᠤᠷ ᠲᠦᠪᠰᠢᠨ ᠬᠡᠷᠡᠭᠯᠡᠭᠡᠨ ᠤ ᠣᠷᠴᠢᠨ ᠲᠤᠭᠤᠷᠢᠨ ᠢ ᠪᠠᠶᠢᠭᠤᠯᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃      ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠬᠦᠴᠦᠲᠡᠶ ᠴᠣᠬᠢᠯᠲᠠ ᠥᠭᠴᠦ᠂ ᠰᠢᠨ᠎ᠡ ᠦᠷ᠎ᠡ ᠪᠦᠲᠦᠮᠵᠢ ᠤᠯᠬᠤ      2019 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠦᠴᠦᠲᠡᠶ ᠵᠢᠯᠣᠭᠤᠳᠣᠯᠭ᠎ᠠ ᠳᠣᠤᠷ᠎ᠠ᠂ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠦᠰᠡᠨ ᠬᠦᠭᠡᠭᠡᠴᠡᠯᠳᠦᠬᠦ ᠪᠣᠯ ᠳᠠᠷᠤᠶ ᠮᠠᠨ ᠤ ᠲᠡᠮᠡᠴᠡᠬᠦ ᠬᠠᠷᠠᠯᠲᠠ︾ ᠪᠠᠷ ᠠᠵᠢᠯ ᠤᠨ ᠭᠤᠤᠯ ᠱᠤᠭᠤᠮ ᠪᠣᠯᠭᠠᠵᠤ᠂ ᠲᠢᠩᠬᠢᠮ ᠤᠨ ᠨᠠᠮ ᠤᠨ ᠬᠤᠷᠢᠶ᠎ᠠ ᠶᠢᠨ ︽ᠤᠯᠤᠰ ᠲᠥᠷᠥ ᠨᠢᠭᠡᠳᠦᠭᠡᠷ᠂ ᠣᠯᠠᠨ ᠲᠦᠮᠡᠨ ᠨᠢᠭᠡᠳᠦᠭᠡᠷ᠂ ᠦᠨᠳᠦᠰᠦᠨ ᠱᠠᠲᠤ ᠨᠢᠭᠡᠳᠦᠭᠡᠷ᠂ ᠠᠷᠠᠳ ᠤᠨ ᠴᠠᠭᠳᠠᠭ᠎ᠠ ᠨᠢᠭᠡᠳᠦᠭᠡᠷ︾ ᠠᠵᠢᠯ ᠤᠨ ᠣᠶᠢᠯᠠᠭᠠᠭᠳᠠᠬᠤᠨ ᠶᠣᠰᠣᠭᠠᠷ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠠᠰᠢᠭ ᠲᠤᠰᠠ ᠶᠢᠨ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠣᠶ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠤᠭᠰᠠᠨ ᠪᠠᠶᠢᠨ᠎ᠠ᠃      ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠠᠮᠵᠢᠯᠲᠠ ᠣᠯᠵᠠᠶ᠃ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠦᠷᠢᠶ᠎ᠡ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠢᠯᠢ ᠠᠯᠤᠰᠯᠠᠨ ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠠᠸᠠᠷ ᠦᠢᠯᠡᠳᠦᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠮᠠᠨ ᠤ ᠤᠯᠤᠰ ᠤᠨ ᠠᠵᠤ ᠠᠬᠤᠶᠢᠯᠠᠯ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠦᠷᠭᠡᠳᠭᠡᠨ ᠬᠦᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠪᠣᠶ ᠪᠣᠯᠭᠠᠵᠤ ᠥᠭᠴᠡᠶ᠃ 2019 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠧᠵᠢᠶᠠᠩ᠂ ᠱᠠᠨᠳᠦ᠋ᠩ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠵᠦᠢᠯ ᠳᠤ ᠬᠠᠭᠤᠷᠮᠠᠭ ᠬᠦᠨᠳᠦ ᠬᠡᠯᠪᠡᠷᠢ ᠶᠢᠨ ᠮᠠᠰᠢᠨ ᠲᠡᠷᠭᠡ ᠦᠢᠯᠡᠳᠦᠨ ᠪᠣᠷᠣᠯᠠᠭᠤᠯᠤᠭᠰᠠᠨ ᠬᠡᠷᠡᠭ ᠢ ᠠᠮᠵᠢᠯᠲᠠ ᠲᠠᠢ ᠢᠯᠡᠷᠡᠭᠦᠯᠵᠦ᠂ 3 ᠶᠠᠯᠠᠲᠤ ᠠᠵᠢᠯᠯᠠᠭ᠎ᠠ ᠶᠢᠨ ᠭᠠᠵᠠᠷ ᠢ ᠡᠪᠳᠡᠵᠦ᠂ ᠬᠠᠭᠤᠷᠮᠠᠭ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 500 ᠭᠠᠷᠤᠶ ᠪᠠᠶᠢᠴᠠᠭᠠᠨ ᠣᠯᠵᠤ᠂ ᠮᠠᠨ ᠤ ᠤᠯᠤᠰ ᠤᠨ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠬᠦᠴᠦᠲᠡᠶ ᠬᠠᠮᠠᠭᠠᠯᠠᠭᠰᠠᠨ ᠪᠠᠶᠢᠨ᠎ᠠ᠃      ᠲᠤᠰᠬᠠᠶ ᠴᠣᠬᠢᠯᠲᠠ ᠥᠭᠬᠦ ᠲᠠᠯ᠎ᠠ ᠪᠠᠷ ᠰᠢᠨ᠎ᠡ ᠪᠦᠲᠦᠮᠵᠢ ᠤᠯᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠤᠷᠢᠳ ᠬᠤᠵᠢᠳ ᠡᠷᠬᠡ ᠳᠤ ᠬᠠᠯᠳᠠᠨ ᠬᠠᠭᠤᠷᠮᠠᠭᠯᠠᠨ ᠵᠤᠬᠢᠶᠠᠭᠰᠠᠨ ︽ᠬᠠᠪᠤᠷ ᠤᠨ ᠤᠯᠠᠷᠢᠯ ᠤᠨ ᠰᠢᠪᠳᠤᠯᠤᠯᠳᠠ︾ ︽ᠰᠦᠯᠵᠢᠶ᠎ᠡ ᠴᠡᠪᠡᠷᠰᠢᠭᠦᠯᠬᠦ 2019 ︾ ︽ᠺᠦᠨᠯᠦ᠋ᠨ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠶᠠᠯᠠᠲᠤ ᠬᠡᠷᠡᠭ ᠢ ᠨᠡᠶᠢᠲᠡ 1240 ᠢᠯᠡᠷᠡᠭᠦᠯᠵᠦ᠂ 1765 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 20 ᠡᠪᠰᠡᠯ ᠪᠦᠯᠦᠭᠯᠡᠯ ᠢ ᠴᠣᠬᠢᠨ ᠰᠦᠢᠷᠡᠭᠦᠯᠵᠦ᠂ 28 ᠶᠠᠯᠠᠲᠤ ᠠᠵᠢᠯᠯᠠᠭ᠎ᠠ ᠶᠢᠨ ᠭᠠᠵᠠᠷ ᠢ ᠡᠪᠳᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 8.8 ᠳ᠋ᠦᠩᠰᠢᠭᠤᠷ ᠲᠥᠭᠦᠷᠢᠭ ᠬᠦᠷᠴᠡᠶ᠃ ᠡᠭᠦᠨ ᠠᠴᠠ ᠭᠠᠳᠠᠨ᠎ᠠ᠂ ᠲᠤᠳᠤᠭᠠᠳᠤ ᠶᠢ ᠬᠠᠮᠠᠭᠠᠯᠠᠬᠤ ᠲᠢᠩᠬᠢᠮ ᠪᠠᠰᠠ ᠪᠤᠰᠤᠳ ᠮᠤᠵᠢ ᠬᠤᠲᠠ ᠲᠠᠢ ᠢᠳᠡᠪᠬᠢ ᠲᠠᠢ ᠪᠠᠷ ᠬᠠᠮᠳᠤᠷᠠᠯᠴᠠᠨ ᠲᠤᠰᠬᠠᠢ ᠠᠵᠢᠯᠯᠠᠭ᠎ᠠ ᠶᠢ ᠦᠷᠨᠢᠭᠦᠯᠵᠦ᠂ ᠱᠠᠩᠬᠠᠢ ᠬᠤᠲᠠ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠦᠬᠡᠬᠤᠲᠠ ᠳᠤ ᠬᠠᠭᠤᠷᠮᠠᠭ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ 3 ᠬᠡᠷᠡᠭ ᠤᠨ ᠭᠠᠵᠠᠷ ᠢ ᠡᠪᠳᠡᠵᠦ᠂ 37 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠤᠯᠠᠨ ᠤᠯᠤᠰ ᠤᠨ ᠨᠠᠷᠠᠲᠦ ᠲᠡᠮᠳᠡᠭᠲᠦ ᠬᠠᠭᠤᠷᠮᠠᠭ ᠠᠢ ᠮᠠ ᠱᠢ᠂ ᠺᠦ᠋ ᠴᠢ᠂ LV ᠨᠤᠤᠰᠤᠨ ᠠᠯᠴᠢᠭᠤᠷ 2 . 4 ᠲᠦᠮᠡᠨ ᠵᠤᠷᠪᠤᠰ ᠢ ᠦᠯᠡᠳᠡᠭᠡᠨ ᠠᠪᠴᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 1. 25 ᠳ᠋ᠦᠩᠰᠢᠭᠤᠷ ᠲᠥᠭᠦᠷᠢᠭ ᠬᠦᠷᠴᠡᠶ᠃      ᠬᠠᠮᠵᠢᠯᠴᠠᠭ᠎ᠠ ᠪᠠᠨ ᠴᠢᠩᠬᠠᠳᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠶ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢᠯᠡᠯ ᠮᠡᠳᠡᠭᠡ ᠵᠠᠩᠭᠢ᠂ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠨ ᠠᠵᠢᠯᠯᠠᠬᠤ ᠪᠠᠨ ᠢᠳᠡᠪᠬᠢᠲᠡᠢ ᠪᠠᠷ ᠴᠢᠩᠭᠠᠳᠬᠠᠵᠤ᠂ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠨᠡᠶᠢᠯᠡᠮᠡᠯ ᠬᠦᠴᠦᠨ ᠢ ᠪᠦᠷᠢᠯᠳᠦᠭᠦᠯᠪᠡ᠃ 2019 ᠣᠨ ᠠᠴᠠ ᠨᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠨᠡᠶᠢᠲᠡ 300 ᠢᠯᠡᠭᠦᠦ ᠭᠠᠵᠠᠷ ᠢ ᠪᠠᠶᠢᠴᠠᠭᠠᠵᠤ᠂ ᠨᠢᠭᠡ ᠪᠦᠯᠦᠭ ᠬᠠᠭᠤᠷᠮᠠᠭ ᠬᠢᠮᠢ ᠶᠢᠨ ᠪᠣᠷᠲᠣᠭᠤᠷ᠂ ᠬᠠᠭᠤᠷᠮᠠᠭ ᠦᠷ᠎ᠡ᠂ ᠬᠠᠭᠤᠷᠮᠠᠭ ᠲᠠᠮᠠᠬᠢ ᠵᠡᠷᠭᠡ ᠬᠡᠷᠡᠭ ᠢ ᠢᠯᠡᠷᠡᠭᠦᠯᠪᠡ᠃      ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠠᠮᠤᠷ ᠲᠦᠪᠰᠢᠨ ᠤ ᠰᠡᠷᠭᠡᠶᠢᠯᠡᠯᠲᠡ᠂ ᠴᠠᠭᠳᠠᠭ᠎ᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠦᠢᠯᠡᠴᠢᠯᠡᠬᠦ ᠳᠤ ᠭᠤᠴᠢᠨ ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠵᠠᠮ ᠬᠠᠷᠢᠯᠴᠠᠭ᠎ᠠ᠂ ᠬᠢᠯᠢ ᠪᠠᠷ ᠤᠷᠤᠬᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠬᠦᠷᠢᠶᠡᠨ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃                  ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠶ᠃ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠮᠣ ᠳ᠋ᠠᠶᠢᠲ᠋ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠣᠮᠣ ᠬᠥᠳᠡᠯᠭᠡᠭᠦᠷ ᠪᠣᠯᠭᠠᠵᠤ᠂ ᠳᠠᠶᠢᠴᠢᠨ ᠬᠦᠴᠦᠨ ᠢ ᠪᠤᠶᠢᠵᠢᠭᠤᠯᠤᠨ ᠰᠢᠨ᠎ᠡ ᠨᠡᠮᠡᠭᠳᠡᠯ ᠤᠨ ᠴᠡᠭ ᠪᠣᠯᠭᠠᠵᠤ᠂ ︽ᠤᠮᠠᠷᠠᠲᠤ ᠬᠢᠯᠢ ᠶᠢᠨ ᠡᠭᠦᠯᠡᠨ ᠪᠤᠳᠤᠯᠳᠠ · ᠣᠶᠤᠨᠴᠢ ᠳᠣᠲᠣᠭᠠᠳᠤ ᠶᠢ ᠬᠠᠮᠠᠭᠠᠯᠠᠬᠤ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠲᠤᠭ᠎ᠠ ᠪᠠᠷᠢᠮᠲᠠ ᠶᠢᠨ ᠴᠠᠭᠳᠠᠭᠠᠨ ᠤ ᠶᠠᠪᠤᠳᠠᠯ︾ ᠢ ᠪᠣᠶ ᠪᠣᠯᠭᠠᠵᠤ᠂ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠢᠳᠡᠪᠬᠢᠲᠡᠢ ᠪᠠᠷ ᠰᠢᠨᠵᠢᠯᠡᠬᠦ ᠤᠬᠠᠭᠠᠨ ᠮᠡᠷᠭᠡᠵᠢᠯ ᠠᠴᠠ ᠴᠠᠭᠳᠠᠭᠠᠨ ᠤ ᠬᠦᠴᠦᠨ ᠢ ᠠᠪᠬᠤ᠂ ᠥᠭᠡᠷᠡᠴᠢᠯᠡᠯᠲᠡ ᠠᠴᠠ ᠳᠠᠶᠢᠴᠢᠨ ᠬᠦᠴᠦᠨ ᠢ ᠠᠪᠴᠤ᠂ ᠡᠷᠬᠡ ᠳᠤ ᠬᠠᠯᠳᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠳᠤᠭᠠᠳᠣ ᠶᠢ ᠬᠠᠮᠠᠭᠠᠯᠠᠬᠤ ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ      ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠡᠯ ᠡᠭᠦᠰᠦᠭᠰᠡᠨ ᠠᠴᠠ ᠡᠬᠢᠯᠡᠨ ᠂ ᠳᠤᠳᠤᠭᠠᠳᠤ ᠶᠢ ᠬᠠᠮᠠᠭᠠᠯᠠᠬᠤ ᠲᠢᠩᠬᠢᠮ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠬᠢ ᠶᠢᠨ ᠤᠨᠴᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠡᠷᠡᠭᠦᠯ ᠮᠡᠨᠳᠦ ᠶᠢ ᠲᠡᠷᠢᠭᠦᠨ ᠪᠠᠶᠢᠷᠢ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠲᠡ ᠦᠭᠴᠦ᠂ ᠵᠠᠬ᠎ᠠ ᠳᠡᠯᠭᠡᠭᠦᠷ ᠠᠵᠤ ᠠᠬᠤᠢ ᠶᠢᠨ ᠡᠮᠬᠢ ᠲᠢᠭᠯᠢᠮ ᠢ ᠬᠠᠮᠠᠭᠠᠯᠠᠵᠤ᠂ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠷᠠᠳ ᠲᠦᠮᠡᠨ ᠤ ᠳᠠᠶᠢᠯᠠᠯᠳᠤᠭᠠᠨ᠂ ᠪᠦᠬᠦ ᠴᠤᠭᠴᠠ ᠶᠢᠨ ᠪᠠᠶᠢᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠵᠤ᠂ ᠠᠮᠤᠷ ᠳᠤᠭᠳᠠᠭᠤᠨ ᠨᠡᠶᠢᠭᠡᠮ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠭᠤᠷᠮᠠᠭ ᠴᠢᠨᠠᠷ ᠮᠠᠩᠭᠤᠳᠠᠢ ᠲᠠᠸᠠᠷ ᠢ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠤᠯᠢ ᠪᠤᠰᠤ ᠪᠠᠷ ᠡᠵᠡᠩᠨᠡᠭᠰᠡᠨ᠂ ᠬᠤᠳᠠᠯ ᠬᠠᠭᠤᠷᠮᠠᠭ ᠵᠠᠷ ᠮᠡᠳᠡᠭᠡ ᠵᠡᠷᠭᠡ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠤᠰ ᠤᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠡᠵᠡᠩᠨᠡᠯᠲᠡ᠂ ᠦᠨ᠎ᠡ ᠬᠠᠩᠰᠢ ᠶᠢᠨ ᠬᠠᠮᠢᠶᠠᠷᠤᠯᠲᠠ ᠵᠡᠷᠭᠡ ᠲᠣᠭᠲᠠᠭᠠᠯ ᠢ ᠵᠥᠷᠢᠴᠡᠵᠦ᠂ ᠪᠠᠷᠠᠭᠠᠨ ᠤ ᠦᠨ᠎ᠡ ᠶᠢ ᠦᠷᠢᠰᠦᠯᠳᠦᠨ ᠥᠰᠬᠡᠬᠦ᠂ ᠬᠡᠳᠦ ᠠᠰᠢᠭ ᠬᠤᠨᠵᠢᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠪᠡ᠃ ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ 48 ᠵᠠᠬ᠎ᠠ ᠳᠡᠯᠭᠡᠭᠦᠷ ᠤᠨ ᠡᠵᠡᠩᠨᠡᠯᠲᠡ ᠶᠢ ᠰᠠᠮᠠᠭᠤᠷᠠᠭᠤᠯᠤᠭᠰᠠᠨ ᠶᠠᠯᠠᠲᠤ ᠠᠵᠢᠯᠯᠠᠭ᠎ᠠ ᠶᠢ ᠢᠯᠡᠷᠡᠭᠦᠯᠵᠦ ᠂ 58 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 2254 . 41 ᠲᠦᠮᠡᠨ ᠲᠥᠭᠦᠷᠢᠭ ᠬᠦᠷᠴᠡᠶ᠃ ᠡᠭᠦᠨ ᠳᠤ᠂ 9 ᠬᠠᠭᠤᠷᠮᠠᠭ ᠴᠢᠨᠠᠷ ᠮᠠᠭᠤᠲᠠᠠᠢ ᠲᠠᠸᠠᠷ ᠦᠢᠢᠯᠡᠳᠪᠦᠷᠢᠯᠡᠭᠰᠡᠨ ᠪᠤᠷᠤᠯᠠᠭᠤᠯᠤᠭᠰᠠᠨ ᠬᠡᠷᠡᠭ᠂ 11 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 73 ᠲᠦᠮᠡᠨ ᠲᠥᠭᠦᠷᠢᠭ᠂ 14 .3 ᠲᠦᠮᠡᠨ ᠬᠠᠭᠤᠷᠮᠠᠭ ᠴᠢᠨᠠᠷ ᠮᠠᠭᠤᠲᠠᠠᠢ ᠠᠮᠠᠭᠴᠢ ᠶᠢ ᠪᠠᠶᠢᠴᠠᠭᠠᠨ ᠦᠯᠡᠳᠡᠭᠡᠭᠰᠡᠨ ᠪᠠᠶᠢᠨ᠎ᠠ᠃      ᠴᠠᠬᠢᠯᠭᠠᠨ ᠬᠤᠯᠪᠣᠭᠠᠨ ᠤ ᠮᠡᠬᠡᠯᠡᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠤᠯᠢ ᠪᠤᠰᠤ ᠡᠲᠡᠭᠡᠳ ᠤᠨ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠠᠰᠢᠭᠯᠠᠨ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠡᠷᠡᠭᠵᠢᠭᠦᠯᠬᠦ ᠳᠤ ᠴᠢᠭᠯᠡᠭᠦᠯᠦᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠶᠢ ᠢᠳᠡᠪᠬᠢᠲᠡᠶ ᠪᠠᠶᠢᠷᠢᠯᠠᠭᠤᠯᠵᠤ᠂ ᠢᠯᠡᠳᠲᠡ ᠠᠮᠵᠢᠯᠲᠠ ᠣᠯᠤᠭᠰᠠᠨ ᠪᠠᠶᠢᠨ᠎ᠠ᠃ ᠪᠥᠬᠦ ᠣᠷᠣᠨ ᠤ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 186 ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠢ ᠢᠯᠡᠷᠡᠭᠦᠯᠵᠦ᠂ 78 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 1426 ᠲᠦᠮᠡᠨ ᠲᠥᠭᠦᠷᠢᠭ ᠬᠦᠷᠴᠡᠶ᠃ ᠬᠥᠯᠥᠨ ᠪᠤᠶᠢᠷ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠢᠳ ᠬᠤᠵᠢᠳ 2 ᠣᠨᠴᠠ ᠶᠡᠭᠡ ᠬᠤᠳᠠᠯ ᠬᠠᠭᠤᠷᠮᠠᠭ ᠳᠤᠯᠠᠭᠠᠨ ᠤ ᠬᠡᠮᠵᠢᠭᠦᠷ ᠬᠤᠳᠠᠯᠳᠤᠭᠰᠠᠨ ᠰᠦᠯᠵᠢᠶᠡᠨ ᠤ ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠢ ᠢᠯᠡᠷᠡᠭᠦᠯᠵᠦ︔ ᠪᠤᠭᠤᠲᠦ᠂ ᠤᠯᠠᠭᠠᠨᠬᠠᠳᠠ᠂ ᠤᠷᠳᠤᠰ᠂ ᠤᠯᠠᠭᠠᠨᠴᠠᠪ᠂ ᠪᠠᠶᠠᠨᠨᠠᠭᠤᠷ ᠵᠡᠷᠭᠡ ᠭᠠᠵᠠᠷ ᠣᠨᠴᠠ ᠶᠡᠭᠡ ᠬᠤᠳᠠᠯ ᠬᠠᠭᠤᠷᠮᠠᠭ ᠠᠮᠠᠪᠴᠢ ᠬᠤᠳᠠᠯᠳᠤᠭᠰᠠᠨ ᠴᠠᠬᠢᠯᠭᠠᠨ ᠬᠤᠯᠪᠤᠭᠠᠨ ᠤ ᠮᠡᠭᠡᠯᠡᠯ ᠤᠨ ᠬᠡᠷᠡᠭ ᠢ ᠢᠯᠡᠷᠡᠭᠦᠯᠵᠦ᠂ ᠡᠶᠢᠮᠦᠷᠬᠦᠦ ᠬᠠᠤᠯᠢ ᠠᠴᠠ ᠵᠦᠷᠢᠴᠡᠭᠰᠡᠨ ᠶᠠᠯᠲᠦ ᠠᠵᠢᠯᠯᠠᠭ᠎ᠠ ᠳᠤ ᠬᠦᠴᠦᠲᠡᠢ ᠴᠤᠬᠢᠯᠳᠠ ᠦᠭᠭᠦᠭᠰᠡᠨ ᠪᠠᠶᠢᠨ᠎ᠠ᠃      ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠬᠦ ᠲᠤᠰᠬᠠᠶ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠭᠡᠷ᠎ᠡ ᠶᠢᠨ ᠠᠮᠢᠲᠠᠨ ᠤ ᠬᠡᠷᠡᠭ ᠢ ᠨᠡᠶᠢᠳᠡ 27 ᠪᠠᠶᠢᠴᠠᠭᠠᠨ ᠢᠯᠡᠷᠡᠭᠦᠯᠵᠦ᠂ ᠡᠭᠦᠨ ᠳᠤ 23 ᠵᠠᠰᠠᠭ ᠵᠠᠬᠢᠷᠭᠠᠨ ᠤ ᠬᠡᠷᠡᠭ᠂ 4 ᠡᠷᠡᠭᠦᠤ ᠶᠢᠨ ᠬᠡᠷᠡᠭ ᠪᠠᠶᠢᠵᠤ᠂ 340 ᠬᠡᠭᠡᠷ᠎ᠡ ᠶᠢᠨ ᠠᠮᠢᠲᠠᠨ ᠢ ᠬᠤᠷᠢᠶᠠᠨ ᠠᠪᠴᠤ᠂ 27 ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠢᠢᠳᠪᠦᠷᠢᠯᠡᠭᠰᠡᠨ ᠪᠠᠶᠢᠨ᠎ᠠ᠃      ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠰᠢᠨ᠎ᠡ ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠵᠢᠯᠯᠠᠵᠦ ᠪᠠᠶᠢᠨ᠎ᠠ      2020 ᠣᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠲᠡᠮᠡᠴᠡᠬᠦ᠂ ᠲᠣᠭᠲᠠᠭᠤᠨ ᠢ ᠪᠠᠲᠤᠯᠠᠬᠤ︾ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠪᠠᠷ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠪᠠ ᠡᠷᠬᠡ ᠲᠡᠭᠰᠢ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠬᠤ ᠪᠠ ᠴᠠᠭᠳᠠᠭ᠎ᠠ ᠠᠵᠤ ᠠᠬᠤᠶᠢᠯᠠᠯ ᠬᠠᠮᠵᠢᠯᠴᠠᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠡᠷᠡᠭ ᠤᠨ ᠪᠠᠶᠢᠳᠠᠯ ᠤᠨ ᠮᠡᠳᠡᠭᠡᠯᠡᠯ᠂ ᠬᠡᠷᠡᠭ ᠢ ᠰᠢᠯᠵᠢᠭᠦᠯᠬᠦ ᠳᠦᠷᠢᠮ ᠢ ᠳᠡᠭᠦᠯᠳᠡᠷᠵᠢᠭᠦᠯᠵᠦ᠂ ᠱᠠᠲᠤ ᠠᠯᠤᠰᠯᠠᠨ᠂ ᠭᠠᠵᠠᠷ ᠣᠷᠣᠨ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠠᠬᠢᠭᠤᠯᠤᠨ᠎ᠠ᠃ ᠴᠠᠭᠳᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠡᠯ ᠤᠨ ᠲᠣᠮᠣ ᠳ᠋ᠠᠶᠢᠲ᠋ᠠ ᠳᠤ ᠲᠦᠰᠢᠭᠯᠡᠨ᠂ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠶᠢ ᠬᠢᠨᠠᠨ ᠰᠡᠷᠡᠮᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠬᠦ᠂ ᠰᠦᠪᠡᠭᠴᠢ ᠶᠢ ᠢᠯᠡᠷᠡᠭᠦᠯᠬᠦ ᠪᠠ ᠣᠨᠣᠪᠴᠢᠲᠠᠶ ᠴᠣᠬᠢᠯᠲᠠ ᠥᠭᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ ᠴᠣᠬᠢᠯᠲᠠ ᠶᠢ ᠭᠦᠨᠵᠡᠭᠡᠶᠢᠷᠡᠭᠦᠯᠦᠨ᠎ᠡ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠡᠬᠢ ᠡᠭᠦᠰᠦᠯ ᠢ ᠨᠢ ᠴᠣᠬᠢᠬᠤ᠂ ᠶᠠᠯᠠᠳᠤ ᠠᠵᠢᠯᠯᠠᠭ᠎ᠠ ᠶᠢᠨ ᠭᠠᠵᠠᠷ ᠢ ᠰᠦᠢᠷᠡᠭᠦᠯᠬᠦ᠂ ᠰᠦᠯᠵᠢᠶ᠎ᠡ ᠶᠢ ᠨᠢ ᠡᠪᠳᠡᠬᠦ᠂ ᠬᠡᠯᠬᠢᠶ᠎ᠡ ᠶᠢ ᠨᠢ ᠲᠠᠰᠤᠯᠬᠤ︾ ᠪᠠᠷ ᠬᠠᠷᠠᠯᠲᠠ ᠪᠠᠨ ᠪᠣᠯᠭᠠᠵᠤ᠂ ᠰᠦᠯᠵᠢᠶᠡᠨ ᠳᠡᠭᠡᠷ᠎ᠡ ᠡᠷᠬᠡ ᠳᠤ ᠬᠠᠯᠳᠠᠭᠰᠠᠨ ᠬᠠᠭᠤᠷᠮᠠᠭ ᠲᠠᠸᠠᠷ ᠪᠣᠷᠣᠯᠠᠭᠤᠯᠬᠤ᠂ ᠬᠤᠳᠠᠯ ᠬᠠᠭᠤᠷᠮᠠᠭ ᠵᠠᠷ ᠮᠡᠳᠡᠭᠡ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠠᠸᠠᠷ ᠲᠤ ᠴᠣᠬᠢᠯᠲᠠ ᠥᠭᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠠᠬ᠎ᠠ ᠳᠡᠯᠭᠡᠭᠦᠷ ᠤᠨ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ ︽ᠠᠷᠢᠭᠤᠨ ᠴᠢᠬᠡᠴᠢ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠡᠷᠬᠡ ᠳᠤ ᠬᠠᠯᠳᠠᠵᠤ ᠬᠠᠭᠤᠷᠮᠠᠭᠯᠠᠬᠤ᠂ ᠬᠢᠯᠢ ᠠᠯᠤᠰᠯᠠᠭᠰᠠᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ ︽ᠺᠦᠨᠯᠦ᠋ᠨ ᠤ 2020︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠳᠡᠭᠡᠨ ᠡᠮ ᠤᠷᠴᠢᠨ ᠲᠤᠭᠤᠷᠢᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠲᠤᠰᠬᠠᠶ ᠠᠰᠢᠭ ᠤᠨ ᠡᠷᠬᠡ᠂ ᠲᠠᠸᠠᠷ ᠤᠨ ᠲᠡᠮᠳᠡᠭᠲᠦ ᠶᠢᠨ ᠡᠷᠬᠡ᠂ ᠬᠡᠪᠯᠡᠯ ᠤᠨ ᠡᠷᠬᠡ ᠳᠤ ᠬᠠᠯᠳᠠᠭᠰᠠᠨ ᠵᠡᠷᠭᠡ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠬᠠᠭᠤᠷᠮᠠᠭ ᠴᠢᠨᠠᠷ ᠮᠠᠭᠤᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠸᠠᠷ ᠢ ᠦᠢᠯᠡᠳᠴᠦ ᠪᠣᠷᠣᠯᠠᠭᠤᠯᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃      ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠶᠡᠭᠡ ᠪᠠᠷ ᠰᠢᠯᠢᠳᠡᠭᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ 60 ᠵᠦᠢᠯ ᠤᠨ ᠠᠷᠭ᠎ᠠ ᠬᠡᠮᠵᠢᠶ᠎ᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠥᠮᠴᠢᠯᠡᠬᠦ ᠡᠷᠬᠡ ᠶᠢ ᠬᠠᠮᠠᠭᠠᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠷᠥᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠯᠤᠰ ᠤᠨ ᠭᠠᠶᠢᠯᠢ ᠶᠢ ᠪᠠᠭᠤᠷᠠᠭᠤᠯᠵᠤ ᠰᠦᠢᠳᠭᠡᠯ ᠢ ᠠᠷᠢᠯᠭᠠᠨ ᠳᠠᠷᠤᠭᠠᠰᠤ ᠶᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠪᠠᠷ ᠥᠷᠢᠰᠥᠯᠳᠦᠬᠦ ᠶᠢ ᠬᠠᠷᠰᠢᠯᠠᠬᠤ ᠲᠥᠷᠥ ᠶᠢᠨ ᠪᠣᠳᠣᠯᠭ᠎ᠠ᠂ ᠲᠣᠭᠲᠠᠭᠠᠯ ᠪᠠ ᠠᠷᠭ᠎ᠠ ᠬᠡᠮᠵᠢᠶ᠎ᠡ ᠶᠢ ᠡᠮᠬᠢᠯᠡᠨ ᠲᠢᠭᠯᠡᠵᠦ ᠬᠦᠴᠦᠨ ᠥᠬᠡᠶ ᠪᠣᠯᠭᠠᠵᠤ᠂ ᠵᠦᠶ ᠪᠤᠰᠤ ᠥᠷᠢᠰᠥᠯᠳᠦᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃      ᠤᠬᠠᠭᠤᠯᠬᠤ ᠰᠡᠷᠭᠡᠶᠢᠯᠡᠯᠲᠡ ᠶᠢ ᠴᠢᠩᠭᠠᠳᠬᠠᠨ᠎ᠠ᠃ ︽3.15︾ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ᠂ ︽4.26︾ ᠳᠡᠯᠡᠬᠡᠶ ᠶᠢᠨ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠡᠳᠦᠷ ᠂ ︽5. 15︾ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠤᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠵᠡᠷᠭᠡ ᠴᠢᠬᠤᠯᠠ ᠵᠠᠩᠬᠢᠶᠠᠰᠤ ᠶᠢᠨ ᠲᠣᠭᠤᠷᠢᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ ᠳᠡᠯᠭᠡᠭᠦᠷ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠡᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠠᠮᠢᠶ᠎ᠡ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠨ᠂ ᠶᠠᠯ᠎ᠠ ᠬᠢᠭᠰᠡᠨ ᠠᠷᠭ᠎ᠠ ᠬᠡᠯᠪᠡᠷᠢ ᠶᠢ ᠨᠢ ᠢᠯᠡᠴᠢᠯᠡᠵᠦ᠂ ᠪᠥᠬᠦ ᠨᠡᠶᠢᠭᠡᠮ ᠤᠨ ᠬᠠᠭᠤᠷᠮᠠᠭ ᠢ ᠮᠡᠳᠡᠷᠡᠵᠦ ᠬᠤᠳᠡᠯ ᠢ ᠰᠡᠷᠭᠡᠶᠢᠯᠡᠬᠦ ᠤᠬᠠᠮᠰᠡᠷ ᠢ ᠳᠡᠭᠡᠭᠰᠢᠯᠡᠭᠦᠯᠦᠨ᠎ᠡ᠃  
 
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1