︽ᠢᠷᠠᠭᠤ ᠠᠯᠳᠠᠷ ᠤᠨ ᠫᠠᠶᠢᠰᠠ ᠡᠯᠭᠦᠬᠦ ᠦᠢᠯᠡᠴᠢᠯᠡᠭᠡ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠭᠠᠯ ︵ᠲᠤᠷᠰᠢᠨ  ᠬᠡᠷᠭᠵᠢᠭᠦᠯᠬᠦ︶︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020-04-22
      ᠣᠶᠢᠷ᠎ᠠ ᠳᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ︽ᠢᠷᠠᠭᠤ ᠠᠯᠳᠠᠷ ᠤᠨ ᠫᠠᠶᠢᠰᠠ ᠡᠯᠭᠦᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠡᠯᠭᠦ ᠬᠦ ᠠᠵᠢᠯ ᠤᠨ ᠲᠣᠭᠲᠠᠭᠠᠯ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯ ᠥᠭᠡ᠂ ᠡᠳᠦᠭᠡ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠤᠨ ᠲᠤ ᠬᠠᠶ ᠲᠠᠶᠢᠯᠪᠤᠷᠢᠯᠠᠶ᠎ᠠ᠃ᠨᠢᠭᠡ᠂ ᠶᠠᠭᠤᠨ ᠳᠤ ︽ᠡᠯᠭᠦᠬᠦ ᠠᠵᠢᠯ ᠤᠨ ᠲᠣᠭᠲᠠᠭᠠᠯ︾ ᠢ ᠨᠡᠶᠢᠲᠡᠯᠡᠭᠰᠡᠨ ᠪᠣᠶ︖ᠲᠥᠪ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠴᠡᠷᠢᠭ ᠤᠨ ᠬᠥᠮᠦᠨ ᠤ ᠢᠷᠠᠭᠤ ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 2018 ᠣᠨ ᠤ 7 ᠰᠠᠷ᠎ᠠ ᠶᠢᠨ 30 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠴᠡᠷᠢᠭ ᠤᠨ ᠬᠡᠷ ᠪᠦᠯᠢ ᠪᠠ ᠴᠡᠷᠢᠭ ᠠᠴᠠ ᠬᠠᠯᠠᠭᠳᠠᠭᠰᠠᠳ ᠲᠤ ᠢᠷᠠᠭᠤ ᠠᠯᠳᠠᠷ ᠤᠨ ᠫᠠᠶᠢᠰᠠ ᠡᠯᠭᠦᠬᠦ ᠠᠵᠢᠯ ᠤᠨ ᠲᠤᠬᠠᠶ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠢᠷᠠᠭᠤ ᠠᠯᠳᠠᠷ ᠤᠨ ᠫᠠᠶᠢᠰᠠ ᠡᠯᠭᠦᠬᠦ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠡᠯ᠎ᠡ ᠭᠠᠵᠠᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷ ᠢᠵᠢᠭᠤᠯᠵᠤ᠂ ᠡᠯ᠎ᠡ ᠵᠦᠶ᠋ᠯ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠪᠥᠬᠦ ᠤᠯᠤᠰ ᠲᠤ ᠨᠢᠭᠡᠨᠲᠡ 3958 ᠲᠦᠮᠡ ᠭᠠᠷᠤᠶ ᠡᠲᠡᠭᠡᠳ ᠤᠨ ᠬᠡᠷ ᠪᠦᠯᠢ ᠳᠤ ᠢᠷᠠᠭᠤ ᠠᠯᠳᠠᠷ ᠤᠨ ᠫᠠᠶᠢᠰᠠ ᠡᠯᠭᠦᠵᠦ᠂ ᠨᠡᠶᠢᠭᠡᠮ ᠤᠨ ᠲᠤᠰᠬᠠᠯ ᠮᠠᠰᠢ ᠰᠠᠶᠢᠨ ᠪᠠᠶᠢᠨ᠎ᠠ᠃ᠭᠡᠪᠡᠴᠦ ᠠᠵᠢᠯ ᠤᠨ ᠳᠤᠮᠳᠠ ᠪᠠᠨ ᠡᠯᠭᠦᠬᠦ ᠡᠲᠡᠭᠡᠳ ᠪᠠ ᠦᠨᠳᠦᠰᠦᠨ ᠱᠠᠲᠤᠨ ᠤ ᠠᠵᠢᠯᠲᠠᠨ ᠴᠤ ᠵᠠᠷᠢᠮ ᠪᠣᠳᠠᠲᠠᠶ ᠠᠰᠠ ᠭᠤᠳᠠᠯ ᠤᠳ ᠢ ᠲᠤᠰᠬᠠᠭᠰᠠᠨ ᠪᠠᠶᠢᠨ᠎ᠠ᠂ ᠵᠢᠱᠢᠶᠡᠯᠡᠪᠡᠯ ᠨᠢᠭᠡᠨᠲᠡ ᠠᠶᠢᠯ ᠡᠷᠦᠬᠡ ᠪᠣᠯᠤᠭᠰᠠᠨ ᠠᠯᠪᠠᠨ ᠴᠡᠷᠢᠭ ᠤᠨ ᠡᠴᠢᠭᠡ ᠡᠬᠡ ᠶᠢᠨ ᠬᠡᠷ ᠪᠦᠯᠢ ᠶᠢᠨ ᠡᠯᠭᠦᠬᠦ ᠡᠰᠡᠬᠦ᠂ ᠣᠨᠳᠣᠤ ᠭᠠᠵᠠᠷ ᠲᠤ ᠡᠯᠭᠦᠬᠦ ᠵᠡᠷᠭᠡ ᠪᠣᠯᠤᠨ᠎ᠠ᠃ ᠢᠷᠠᠭᠤ ᠠᠯᠳᠠᠷ ᠤᠨ ᠫᠠᠶᠢᠰᠠ ᠡᠯᠭᠦᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯᠭᠦᠬᠦ ᠡᠲᠡᠭᠡᠳ ᠤᠨ ᠠᠩ ᠬᠠᠷᠤᠯ ᠳᠤ ᠦᠨᠡᠨ ᠬᠦ ᠬᠠᠷᠢᠭᠤᠯᠲᠠ ᠥᠭᠬᠦ ᠶᠢᠨ ᠲᠥᠯᠥᠭᠡ᠂ ᠪᠢᠳᠡ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠵ ᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠭᠤᠯᠭ᠎ᠠ ᠶᠢ ᠰᠣᠨᠣᠰᠴᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠲᠤᠭᠤᠷᠪᠢᠭᠰᠠᠨ ᠪᠥᠭᠡᠳ ᠥᠷᠭᠡᠨ ᠢᠶᠠᠷ ᠰᠠᠨᠠᠯ ᠬᠤᠷᠢᠶᠠᠵᠤ᠂ ᠡᠴᠦᠰ ᠲᠡᠭᠡ ᠨ᠊ ︽ᠡᠯᠭᠦᠬᠦ ᠠᠵᠢᠯ ᠤᠨ ᠲᠣᠭᠲᠠᠭᠠᠯ︾ ᠢ ᠪᠦᠷᠢᠯᠳᠦᠭᠦᠯᠪᠡ᠃︽ᠡᠯᠭᠦᠬᠦ ᠠᠵᠢᠯ ᠤᠨ ᠲᠣᠭᠲᠠᠭᠠᠯ︾ ᠳᠤ ᠬᠡᠨ ᠳᠤ ᠡᠯᠭᠦᠬᠦ᠂ ᠬᠡᠨ ᠡᠯᠭᠦᠬᠦ᠂ ᠬᠡᠷᠬᠢᠨ ᠡᠯᠭᠦᠬᠦ᠂ ᠬᠡᠷᠬᠢᠨ ᠬᠠ ᠮᠢᠶᠠᠷᠬᠤ ᠵᠡᠷᠭᠡ ᠪᠣᠳᠠᠲᠠᠶ ᠠᠰᠠᠭᠤᠳᠠᠯ ᠢ ᠲᠣᠳᠣᠷᠬᠠᠶᠢᠯᠠᠵᠤ᠂ ᠢᠷᠠᠭᠤ ᠠᠯᠳᠠᠷ ᠤᠨ ᠫᠠᠶᠢᠰᠠ ᠦᠶ᠋ᠯᠡᠳᠬᠦ᠂ ᠰᠢᠨ᠎ᠡ ᠪᠠᠷ ᠲᠠᠷᠬᠠᠭᠠᠬᠤ᠂ ᠨᠥᠬᠦᠪᠥᠷᠢᠯᠡᠬᠦ᠂ ᠰᠣᠯᠢᠬᠤ᠂ ᠬᠤᠷᠢᠶᠠᠨ ᠠᠪᠬᠤ᠂ ᠬᠦᠴᠦᠨ ᠥᠬᠡᠶ ᠪᠣᠯᠭᠠᠬᠤ ᠪᠠ ᠰᠡᠷᠭᠦᠭᠡᠬ ᠦ ᠵᠡᠷᠭᠡ ᠪᠥᠬᠦ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠡᠯ᠎ᠡ ᠭᠤᠭᠴᠤᠭ᠎ᠠ ᠶᠢᠨ ᠠᠵᠢᠯᠯᠠᠬᠤ ᠲᠠᠰ ᠳᠠᠷᠠᠭᠠᠯᠠᠯ ᠪᠠ ᠠᠵᠢᠯ ᠤᠨ ᠪᠠᠷᠢᠮᠵᠢᠶ᠎ᠠ ᠶᠢ ᠨᠠᠷᠢᠯᠢᠭᠵᠢᠭᠤᠯᠤᠭᠰᠠᠨ ᠪᠠᠶᠢᠨ᠎ᠠ᠃ᠬᠤᠶᠠᠷ᠂ ︽ᠡᠯᠭᠦᠬᠦ ᠠᠵᠢᠯ ᠤᠨ ᠲᠣᠭᠲᠠᠭᠠᠯ︾ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖︽ᠡᠯᠭᠦᠬᠦ ᠠᠵᠢᠯ ᠤᠨ ᠲᠣᠭᠲᠠᠭᠠᠯ︾ ᠢ ᠨᠡᠶᠢᠲᠡ 6 ᠪᠦᠯᠦᠭ 35 ᠵᠦᠶ᠋ᠯ ᠬᠤᠪᠢᠶᠠᠵᠤ᠂ ᠲᠣᠰ ᠲᠣᠰ ᠶᠡᠷᠦᠩᠬᠡᠶ ᠲᠦᠷᠢᠮ᠂ ᠡᠯᠭᠦᠬᠦ ᠬᠡᠪᠴᠢᠶ᠎ᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠶ᠋ᠯᠡᠳᠪᠦᠷᠢᠯᠡᠬᠦ ᠪᠠ ᠬᠤᠪᠢᠶᠠᠨ ᠲᠠᠷᠬᠠᠭ ᠠᠬᠤ᠂ ᠬᠢᠨᠠᠯᠲᠠ ᠲᠠᠯᠪᠢᠵᠤ ᠬᠠᠮᠢᠶᠠᠷᠬᠤ᠂ ᠳᠠᠭᠠᠯᠳᠤᠭᠤᠯᠤᠭᠰᠠᠨ ᠲᠦᠷᠢᠮ ᠪᠣᠯᠤᠨ᠎ᠠ᠃ᠨᠢᠭᠡᠳᠦᠭᠡᠷ ᠪᠦᠯᠦᠭ ᠶᠡᠷᠦᠩᠬᠡᠶ ᠲᠦᠷᠢᠮ ᠳᠤ ᠨᠡᠶᠢᠲᠡ 6 ᠵᠦᠶ᠋ᠯ ᠪᠠᠭᠲᠠᠵᠤ᠂ ᠭᠤᠤᠯᠳᠠᠭᠤ ᠢᠷᠠᠭᠤ ᠠᠯᠳᠠᠷ ᠤᠨ ᠲᠡᠮᠳ ᠡᠭᠲᠦ ᠶᠢ ᠡᠯᠭᠦᠬᠦ ᠠᠵᠢᠯ ᠤᠨ ᠵᠣᠷᠢᠯᠭ᠎ᠠ᠂ ᠲᠣᠮᠢᠶᠠᠯᠠᠯ᠂ ᠬᠡᠷᠡᠭᠯᠡᠬᠦ ᠬᠡᠪᠴᠢᠶ᠎ᠡ᠂ ᠡᠯᠭᠦᠬᠦ ᠵᠠᠷᠴᠢᠮ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ᠬᠤᠶᠠᠳᠤᠭᠠᠷ ᠪᠦᠯᠦᠭ ᠡᠯᠭᠦᠬᠦ ᠬᠡᠪᠴᠢᠶ᠎ᠡ ᠳᠤ ᠨᠡᠶᠢᠲᠡ 5 ᠵᠦᠶ᠋ᠯ ᠪᠠᠭᠲᠠᠨ᠎ᠠ᠂ ᠭᠤᠤᠯᠳᠠᠭᠤ ᠶᠠᠮᠠᠷ ᠶᠠᠮᠠᠷ ᠭᠡᠷ ᠪᠦᠯᠢ ᠳᠤ ᠢᠷᠠᠭᠤ ᠠᠯᠳᠠᠷ ᠤᠨ ᠫᠠᠶᠢᠰᠠ ᠡᠯᠭᠦᠵᠦ ᠪᠣᠯᠬᠤ᠂ ᠬᠥᠮᠦᠨ ᠡᠷᠦᠬᠡ ᠶᠢ ᠰᠠᠯᠭᠠᠬᠤ ᠵᠡᠷᠭᠡ ᠪᠠᠶᠢᠳᠠᠯ ᠢ ᠬᠡᠷᠬᠢᠨ ᠰᠢᠶ᠋ᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ᠭᠤᠷᠪᠠᠳᠤᠭᠠᠷ ᠪᠦᠯᠦᠭ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠨᠡᠶᠢᠲᠡ 10 ᠵᠦᠶ᠋ᠯ ᠪᠠᠭᠲᠠᠵᠤ᠂ ᠭᠤᠤᠯᠳᠠᠭᠤ ᠡᠯᠭᠦᠬᠦ ᠠᠵᠢᠯ ᠤᠨ ᠴᠤᠪᠤᠷᠠᠯ᠂ ᠠᠵᠢᠯ ᠤᠨ ᠪᠠᠷᠢᠮᠵᠢᠶ᠎ᠠ᠂ ᠠᠵᠢᠯ ᠤᠨ ᠠᠷᠭ᠎ᠠ ᠵᠡᠷᠭᠡ ᠠᠰᠠᠭᠤᠳᠠᠯ ᠢ ᠲᠣᠳᠣᠷᠬᠠᠶᠢᠯᠠᠨ᠎ᠠ᠃ᠳᠥᠷᠪᠡᠳᠦᠭᠡᠷ ᠪᠦᠯᠦᠭ ᠦᠶ᠋ᠯᠡᠳᠪᠦᠷᠢᠯᠡᠵᠦ ᠦᠶ᠋ᠯᠡᠳᠬᠦ ᠵᠢᠴᠢ ᠬᠤᠪᠢᠶᠠᠨ ᠲᠠᠷᠬᠠᠭᠠᠬᠤ ᠳᠤ ᠨᠡᠶᠢᠲᠡ 4 ᠵᠦᠶ᠋ᠯ ᠪᠠᠭᠲᠠ ᠵᠤ᠂ ᠭᠤᠤᠯᠳᠠᠭᠤ ᠢᠷᠠᠭᠤ ᠠᠯᠳᠠᠷᠲᠤ ᠲᠡᠮᠳᠡᠭᠲᠦ ᠦᠶ᠋ᠯᠡᠳᠪᠦᠷᠢᠯᠡᠬᠦ᠂ ᠲᠡᠭᠡᠭᠡᠪᠦᠷᠢᠯᠡᠬᠦ᠂ ᠬᠠᠳᠠᠭᠠᠯᠠᠬᠤ᠂ ᠬᠤᠪᠢᠶᠠ ᠨ᠊ ᠲᠠᠷᠬᠠᠭᠠᠬᠤ ᠶᠠᠪᠤᠴᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ ᠳᠤ ᠨᠡᠶᠢᠲᠡ 6 ᠵᠦᠶ᠋ᠯ ᠪᠠᠭᠲᠠᠵᠤ᠂ ᠭᠤᠤᠯᠳᠠᠭᠤ ᠢᠷᠠᠭᠤ ᠠᠯᠳᠠᠷ ᠤᠨ ᠫᠠᠶᠢᠰᠠ ᠶᠢ ᠵᠣᠬᠢᠰ ᠦᠭᠡᠶ ᠬᠡᠷᠡᠭᠯᠡᠬᠦ ᠳᠤ ᠬᠡᠷᠬᠢᠨ ᠰᠢᠶ᠋ᠳᠪᠦᠷᠢᠯᠡᠬᠦ᠂ ᠠᠵᠢᠯᠲᠠᠨ ᠤ ᠱᠠᠭᠠᠷᠳᠠᠯᠭ᠎ᠠ ᠵᠢᠴᠢ ᠨᠡᠶᠢᠭᠡᠮ ᠤᠨ ᠬᠢᠨᠠᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ ᠳᠤ ᠨᠡᠶᠢᠳᠡ 4 ᠵᠦᠶ᠋ᠯ ᠪᠠᠭᠲᠠᠵᠤ᠂ ᠭᠤᠤᠯᠳᠠᠭᠤ ᠰᠦᠶ᠋ᠳᠬᠡᠯ ᠬᠤᠷᠢ ᠶᠠᠬᠤ᠂ ᠭᠡᠷ ᠪᠦᠯᠢ ᠶᠢᠨ ᠪᠦᠷᠢᠯᠳᠦᠬᠦᠨ ᠤ ᠲᠣᠮᠢᠶᠠᠯᠠᠯ᠂ ᠬᠡᠷᠡᠭᠯᠡᠬᠦ ᠵᠦᠶ᠋ᠯ ᠪᠠᠳᠠᠭ᠂ ᠬᠦᠴᠦᠨ ᠲᠠᠢ ᠪᠣᠯᠬᠤ ᠴᠠᠭ ᠬ᠊ ᠤᠭᠤᠴᠠᠭ᠎ᠠ ᠵᠡᠷᠭᠡ ᠳᠤ ᠲᠣᠳᠣᠷᠬᠠᠶᠢᠯᠠᠯᠲᠠ ᠬᠢᠪᠡ᠃ᠭᠤᠷᠪᠠ᠂ ᠵᠢᠩᠬᠢᠨᠢ ᠠᠯᠪᠠᠨ ᠤ ᠴᠡᠷᠢᠭ ᠤᠨ ᠬᠡᠷ ᠪᠦᠯᠢ ᠳᠤ ᠬᠡᠷᠬᠢᠨ ᠡᠯᠭᠦᠬᠦ ᠪᠣᠶ︖ᠠᠯᠪᠠᠨ ᠴᠡᠷᠢᠭ ᠤᠨ ᠭᠡᠷ ᠪᠦᠯᠢ ᠳᠤ ᠢᠷᠠᠭᠤ ᠠᠯᠳᠠᠷ ᠤᠨ ᠫᠠᠶᠢᠰᠠ ᠡᠯᠭᠦᠬᠦ ᠭᠡᠳᠡᠭ ᠨᠢ ᠠᠯᠪᠠᠨ ᠴᠡᠷᠢᠭ ᠤᠨ ᠬᠥᠮᠦᠨ ᠤ ᠭᠡᠷ ᠪᠦᠯᠢ ᠳᠤ ᠡᠯᠭᠦᠬᠦ ᠶᠢ ᠵᠢᠭᠠᠵᠤ ᠪᠠᠶᠢᠨ᠎ᠠ᠃ ᠵᠠᠷᠢᠮ ᠠᠯᠪᠠᠨ ᠴᠡᠷᠢᠭ ᠤᠨ ᠬᠥᠮᠦᠨ ᠪᠠ ᠡᠴᠢᠭᠡ ᠡᠬᠡ ᠨᠢ ᠬᠤᠶᠠᠷ ᠭᠠᠵᠠᠷ ᠰᠠᠯᠵᠤ ᠰᠠᠭᠤᠭᠰᠠᠨ᠂ ᠨᠠᠩ ᠴᠤ ᠨᠤᠲᠤᠭ ᠲ᠊ ᠠᠭᠠᠨ ᠪᠠᠶᠢᠭ᠎ᠠ ᠡᠴᠢᠭᠡ ᠡᠬᠡ ᠶᠢᠨ ᠢᠶᠠᠨ ᠲᠥᠯᠥᠭᠡ ᠡᠯᠭᠦᠬᠦ ᠶᠢ ᠬᠦᠰᠡᠵᠦ ᠪᠠᠶᠢᠬᠤ ᠶᠢ ᠪᠣᠳᠣᠯᠬᠢᠯᠠᠵᠤ᠂ ︽ᠡᠯᠭᠦ ᠬᠦ ᠠᠵᠢᠯ ᠤᠨ ᠲᠣᠭᠲᠠᠭᠠᠯ︾ ᠳᠤ ︽ᠠᠯᠪᠠᠨ ᠴᠡᠷᠢᠭ ᠤᠨ ᠬᠥᠮᠦᠨ ᠡᠴᠢᠭᠡ ᠡᠬᠡ ︵ᠠᠰᠠᠷᠠᠨ ᠲᠡᠵᠢᠭᠡᠭᠴᠢ︶ ᠲᠠᠢ ᠡᠷᠦᠬᠡ ᠬᠤᠪᠢᠶᠠᠨ ᠰᠠᠭᠤᠭᠰᠠᠨ ᠪᠠᠶᠢᠪᠠᠯ᠂ ᠪᠠᠰᠠ ᠲᠡᠭᠦᠨ ᠤ ᠡᠴᠢᠭᠡ ᠡᠬᠡ ︵ᠠᠰᠠᠷᠠᠨ ᠲᠡᠵᠢᠭᠡᠭᠴᠢ︶ ᠶᠢᠨ ᠬᠡᠷ ᠪᠦᠯᠢ ᠲᠤ ᠢᠷᠠᠭᠤ ᠠᠯᠳᠠᠷᠲᠤ ᠫᠠᠶᠢᠰᠠ ᠡᠯᠭᠦᠵᠦ ᠪᠣᠯᠤᠨ᠎ᠠ ᠭᠡᠵᠦ ᠲᠣᠳᠣᠷᠬᠠᠶ ᠲᠣᠭᠲᠠᠭᠠᠵᠠᠶ᠃ᠳᠥᠷᠪᠡ᠂ ᠣᠨᠳᠣᠤ ᠭᠠᠵᠠᠷ ᠲᠤ ᠡᠯᠭᠦᠵᠦ ᠪᠣᠯᠤᠨ᠎ᠠ ᠤᠣ ᠥᠬᠡᠶ ᠦᠤ︖ᠢᠷᠠᠭᠤ ᠠᠯᠳᠠᠷ ᠤᠨ ᠫᠠᠶᠢᠰᠠ ᠶᠢ ᠳ᠋ᠦᠶ᠋ᠰᠢᠶᠠᠩ ᠤᠨ ᠭᠡᠷ ᠪᠦᠯᠢ ᠶᠢᠨ ᠡᠷᠦᠬᠡ ᠠᠮᠠ ᠶᠢᠨ ᠪᠠᠶ᠋ᠭ᠎ᠠ ᠭᠠᠵᠠᠷ ᠲᠤ ᠡᠯᠭᠦ ‍ᠨ᠎ᠡ᠃ ᠡᠯᠭᠦᠬᠦ ᠡᠲᠡᠭᠡᠳ ᠤᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠪᠠᠶᠢᠩᠭᠤ ᠰᠠᠭᠤᠭ᠎ᠠ ᠭᠠᠵᠠᠷ ᠲᠠᠢ ᠨᠢᠭᠡᠳᠦᠯ ᠥᠬᠡᠶ ᠪᠠᠶᠢᠪᠠᠯ᠂ ᠡᠯᠭᠦᠬᠦ ᠡᠲᠡᠭᠡᠳ ᠤᠨ ᠬᠦᠰᠡᠯ ᠰᠠᠨᠠᠭ᠎ᠠ ᠶᠢ ᠨᠢ ᠬᠦᠨᠳᠦᠳᠬᠡᠵᠦ ᠪᠣᠯᠤᠨ᠎ᠠ᠃ ᠮᠤᠵᠢ ᠠᠯᠤᠰᠯᠠᠨ ᠣᠨᠳᠣᠤ ᠭᠠᠵᠠᠷ ᠲᠤ ᠡᠯᠭᠦᠬᠦ ᠴᠢᠬᠤᠯᠠᠲᠠᠶ ᠪᠣᠯ ᠡᠯᠭᠦᠬᠦ ᠡᠲᠡᠭᠡᠳ ᠨᠢ ᠪᠠᠶᠢᠩᠭᠤ ᠰᠠᠭᠤᠭ᠎ᠠ ᠭᠡᠷ ᠡᠴᠢ ︵ᠣᠷᠣᠰᠢᠨ ᠰᠠᠭᠤᠬᠤ ᠦᠨᠡᠮᠯᠡᠯ ᠪᠤᠶᠤ ᠬᠡᠷ ᠬᠥᠷᠥᠩᠭᠡ ᠶᠢᠨ ᠦᠨᠡᠮᠯᠡᠯ︶ ᠪᠠᠨ ᠠᠪᠴᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠤᠨ ᠠᠯᠪᠠ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠤᠨ ᠠᠯᠪᠠ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠮᠵᠢᠯᠴᠠᠨ ᠭᠦᠶ᠋ᠴᠡᠳᠬᠡᠬᠦ ᠵᠠᠬᠢᠳᠠᠯ ᠪᠢᠴᠢᠵᠦ ᠥᠭᠬᠦ ᠬᠡᠷᠡᠭᠲᠡᠶ᠃ ᠪᠠᠶᠢᠩᠭᠤ ᠰᠠᠭᠤᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠲᠡᠭᠦᠨ ᠤ ᠪᠠᠶᠢᠩᠭᠤ ᠰᠠᠭᠤᠭ᠎ᠠ ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠦᠶ᠋ᠯᠡᠴᠢᠯᠡᠭᠡᠨ ᠤ ᠲᠥᠪ ︵ᠥᠷᠲᠡᠭᠡ︶ ᠠᠴᠠ ᠲᠡᠭᠦᠨ ᠳᠤ ᠪᠠᠶᠢᠩᠭᠤ ᠰᠠᠭᠤᠭ᠎ᠠ ᠭᠠᠵᠠᠷ ᠤᠨ ᠢᠷᠠᠭᠤ ᠠᠯᠳᠠᠷ ᠤᠨ ᠫᠠᠶᠢᠰᠠ ᠡᠯᠭᠦᠬᠦ ᠬᠡᠷᠡᠭᠲᠡᠶ᠃ᠲᠠᠪᠤ᠂ ᠡᠯᠭᠦᠬᠦ ᠡᠲᠡᠭᠡᠳ ᠤᠨ ᠬᠡᠷ ᠪᠦᠯᠢ ᠶᠢ ᠬᠡᠷᠬᠢᠨ ᠬᠥᠲᠥᠯᠦᠨ ᠵᠢᠯᠣᠭᠤᠳᠴᠤ ᠢᠷᠠᠭᠤ ᠠᠯᠳᠠᠷ ᠢᠶᠠᠨ ᠨᠠᠨᠳᠢᠩᠨᠠᠨ ᠦᠵᠡᠵᠦ᠂ ᠵᠢᠷᠤᠮᠵᠢᠭᠤᠯᠤᠨ ᠬᠡᠷᠡᠭᠯᠡᠬᠦ ᠪᠣᠶ︖ᠡᠯᠭᠦᠬᠦ ᠡᠲᠡᠭᠡᠳ ᠤᠨ ᠬᠡᠷ ᠪᠦᠯᠢ ᠶᠢᠨ ᠢᠷᠠᠭᠤ ᠠᠯᠳᠠᠷ ᠤᠨ ᠫᠠᠶᠢᠰᠠ ᠶᠢ ᠨᠠᠨᠳᠢᠩᠨᠠᠬᠤ ᠬᠡᠮᠵᠢᠶ᠎ᠡ ᠶᠢ ᠳᠡᠭᠡᠭᠰᠢᠯᠡ ᠭᠦᠯᠬᠦ ᠶᠢᠨ ᠲᠥᠯᠥᠭᠡ᠂ ︽ᠡᠯᠭᠦᠬᠦ ᠠᠵᠢᠯ ᠤᠨ ᠲᠣᠭᠲᠠᠭᠠᠯ︾ ᠳᠤ ᠢᠷᠠᠭᠤ ᠠᠯᠳᠠᠷ ᠤᠨ ᠫᠠᠶᠢᠰᠠ ᠶᠢᠨ ᠡᠯᠭᠦᠬᠦ ᠡᠲᠡᠭᠡᠳ ᠤᠨ ᠲᠣᠰ ᠬᠥᠮᠦᠨ ᠵᠢᠴᠢ ᠬᠡᠷ ᠪᠦᠯᠢ ᠳᠤ ᠢᠳᠬᠠᠨ ᠰᠤᠷᠭᠠᠵᠤ᠂ ᠰᠢᠮᠳᠠᠭᠤᠯᠤᠨ ᠵᠠᠯᠠᠷᠠᠭᠤᠯᠵᠤ᠂ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠢᠷᠠᠭᠤ ᠠᠯᠳᠠᠷ ᠤᠨ ᠫᠠᠶᠢᠰᠠ ᠶᠢ ᠪᠤᠴᠠᠭᠠᠨ ᠠᠪᠤᠭᠰᠠᠨ ᠪᠠᠶᠢᠳᠠᠯ ᠢ ᠲᠣᠳᠣᠷᠬᠠ ᠶᠢᠯᠠᠵᠤ᠂ ᠡᠯᠭᠦᠬᠦ ᠡᠲᠡᠭᠡᠳ ᠤᠨ ᠬᠡᠷ ᠪᠦᠯᠢ ᠶᠢ ᠬᠥᠲᠥᠯᠥᠨ ᠵᠢᠯᠣᠭᠤᠳᠴᠤ ᠪᠠᠶᠢᠭᠠᠳ ᠢᠷᠠᠭᠤ ᠠᠯᠳᠠᠷ ᠤᠨ ᠫᠠᠶᠢᠰᠠ ᠶᠢ ᠨᠠᠨᠳᠢᠩᠨᠠᠨ᠂ ᠵᠢᠷᠤᠮᠵᠢᠭᠤᠯᠤᠨ ᠬᠡᠷᠡᠭᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃ᠵᠢᠷᠭᠤᠭ᠎ᠠ᠂ ᠢᠷᠠᠭᠤ ᠠᠯᠳᠠᠷ ᠤᠨ ᠫᠠᠶᠢᠰᠠ ᠶᠢ ᠬᠤᠳᠠᠯᠳᠤᠭᠠᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠴᠢ ᠵᠣᠬᠢᠰ ᠥᠬᠡᠶ ᠦᠶ᠋ᠯᠡ ᠠᠵᠢᠯᠯᠠᠭ᠎ᠠ ᠶᠢ ᠬᠡᠷᠬᠢᠨ ᠰᠢᠶ᠋ᠳᠪᠦᠷᠢᠯᠡᠬᠦ ᠪᠣᠶ︖ᠢᠷᠠᠭᠤ ᠠᠯᠳᠠᠷ ᠤᠨ ᠫᠠᠶᠢᠰᠠ ᠪᠣᠯ ᠤᠯᠤᠰ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠠᠷᠠᠳ ᠲᠦᠮᠡᠨ ᠤ ᠪᠡᠶ᠎ᠡ ᠦᠷᠡᠭᠳᠡᠯ ᠳᠤ ᠬᠤᠪᠢ ᠨᠡᠮᠡᠷᠢ ᠦᠵᠡᠭᠦᠯᠬᠦ ᠶᠢ ᠮᠠᠭᠲᠠᠨ ᠰᠠᠶᠢᠰᠢᠶᠠᠬᠤ ᠶᠢᠨ ᠢᠷᠠᠭᠤ ᠠᠯᠳᠠᠷ ᠤᠨ ᠠᠴᠢᠶᠠᠯᠠᠪᠤᠷᠢ ᠪᠠ ᠪᠡᠯᠭᠡ ᠲᠡᠮᠳᠡᠭ ᠮᠥᠨ᠂ ᠲᠡᠭᠦᠨ ᠢ ᠬᠦᠨᠳᠦᠳᠬᠡᠨ ᠬᠠᠶᠢᠷᠠᠯᠠᠬᠤ ᠬᠡᠷᠡᠭᠲᠡᠶ᠃ ︽ᠡᠯᠭᠦᠬᠦ ᠠᠵᠢᠯ ᠤᠨ ᠲᠣᠭᠲᠠᠭᠠᠯ︾ ᠳᠤ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢᠷᠠᠭᠤ ᠠᠯᠳᠠᠷ ᠤᠨ ᠫᠠᠶᠢᠰᠠ ᠶᠢ ᠮᠠᠶᠢᠮᠠᠶᠢᠯᠠᠵᠤ᠂ ᠲᠦᠷᠢᠶᠡᠰᠦᠯᠡᠨ᠂ ᠳᠠᠭᠤᠷᠢᠶᠠᠨ ᠦᠶ᠋ᠯᠡᠳᠴᠦ ᠪᠣᠯᠬᠤ ᠥᠬᠡᠶ᠂ ᠢᠷᠠᠭᠤ ᠠᠯᠳᠠᠷ ᠤᠨ ᠫᠠᠶᠢᠰᠠ ᠶᠢ ᠬᠤᠳᠠᠯᠳᠤᠭᠠᠨ ᠤ ᠵᠠᠷ᠂ ᠲᠠᠸᠠᠷ ᠤᠨ ᠲᠡᠮᠳᠡᠭ ᠦᠶ᠋ᠯᠡᠳᠬᠦ ᠪᠤᠶᠤ ᠪᠤᠰᠤᠳ ᠬᠤᠳᠠᠯᠳᠤᠭᠠᠨ ᠤ ᠴᠢᠨᠠᠷᠲᠠᠶ ᠬᠡᠷ ᠡᠭᠴᠡᠭᠡ ᠳᠤ ᠬᠡᠷᠡᠭᠯᠡᠵᠦ ᠪᠣᠯᠬᠤ ᠥᠬᠡᠶ᠂ ᠢᠷᠠᠭᠤ ᠠᠯᠳᠠᠷ ᠤᠨ ᠫᠠᠶᠢᠰᠠ ᠶᠢ ᠵᠤᠭ᠎ᠠ ᠴᠡᠩᠭᠡᠯ ᠤᠨ ᠠᠵᠢᠯᠯᠠᠭ᠋ ᠠ ᠳᠤ ᠬᠡᠷᠡᠭᠯᠡᠵᠦ ᠪᠣᠯᠬᠤ ᠥᠬᠡᠶ ᠂ ᠮᠠᠭᠤᠰᠢᠶᠠᠵᠤ᠂ ᠪᠤᠵᠠᠷᠯᠠᠵᠤ᠂ ᠢᠷᠠᠭᠤ ᠠᠯᠳᠠᠷ ᠤᠨ ᠫᠠᠶᠢᠰᠠ ᠶᠢ ᠡᠪᠳᠡᠬᠦ ᠵᠡᠷᠭᠡ ᠢᠷᠠᠭᠤ ᠠᠯᠳᠠᠷ ᠤᠨ ᠫᠠᠶᠢᠰᠠ ᠶᠢᠨ ᠳᠦᠷᠢ ᠲᠥᠷᠬᠦ ᠶᠢ ᠬᠤᠬᠢᠷᠠᠭᠤᠯᠬᠤ ᠠᠵᠢᠯᠯᠠᠭ᠎ᠠ ᠬᠢᠵᠦ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠢᠷᠠᠭᠤ ᠠᠯᠳᠠᠷ ᠤᠨ ᠫᠠᠶᠢᠰᠠ ᠶᠢ ᠵᠣᠬᠢᠰ ᠲᠠᠢ ᠬᠡᠷᠡᠭᠯᠡᠭᠰᠡᠨ ᠥᠬᠡᠶ ᠦᠶ᠋ᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ ᠶᠣᠰᠣᠭᠠᠷ ᠬᠠᠮᠢᠶ᠎ᠠ ᠪᠥᠬᠦᠶ ᠰᠠᠯ ᠠᠭ᠎ᠠ ᠮᠥᠴᠢᠷ ᠲᠠᠢ ᠬᠠᠮᠵᠢᠯᠴᠠᠨ ᠴᠠᠭ ᠲᠤᠬᠠᠶ ᠳᠤᠨᠢ ᠰᠢᠶ᠋ᠳᠪᠦᠷᠢᠯᠡᠬᠦ ᠬᠡᠷᠡᠭᠲᠡᠶ᠃ᠳᠣᠯᠤᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠶᠠᠮᠠᠷ ᠶᠠᠮᠠᠷ ᠠᠵᠢᠯ ᠤᠨ ᠱᠠᠭ ᠠᠷᠳᠠᠯᠭ᠎ᠠ ᠪᠠᠶᠢᠬᠤ ᠪᠣᠶ︖︽ᠡᠯᠭᠦᠬᠦ ᠠᠵᠢᠯ ᠤᠨ ᠲᠣᠭᠲᠠᠭᠠᠯ︾ ᠳᠤ ᠡᠯ᠎ᠡ ᠱᠠᠲᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠨᠢᠭᠡᠴᠡ ᠶᠢᠨ ᠠᠵᠢᠯᠲ ᠠᠨ ᠢ ᠢᠷᠠᠭᠤ ᠠᠯᠳᠠᠷ ᠤᠨ ᠫᠠᠶᠢᠰᠠ ᠡᠯᠭᠦᠬᠦ ᠪᠠ ᠦᠶ᠋ᠯᠡᠴᠢᠯᠡᠭᠡ ᠬᠠᠮᠢᠶᠠᠷᠤᠯᠲᠠ ᠶᠢᠨ ᠠᠵᠢᠯ ᠤᠨ ᠳᠤᠮᠳᠠ ᠢᠳᠡᠪᠬᠢᠲᠡ ᠶ᠊ ᠪᠥᠭᠡᠳ ᠰᠠᠨᠠᠭᠠᠴᠢᠯᠠᠭ᠎ᠠ ᠠᠴᠠ ᠪᠠᠨ᠂ ᠬᠠᠯᠠᠭᠤᠨ ᠰᠡᠳᠬᠢᠯ ᠢᠶᠠᠷ ᠭᠦᠶ᠋ᠴᠡᠳ ᠪᠠᠶᠢᠵᠤ᠂ ᠡᠭᠦᠷᠭᠡ ᠬᠠᠷᠢᠭᠤᠴᠠ ᠯᠭ᠎ᠠ ᠪᠠᠨ ᠭᠦᠶ᠋ᠴᠡᠳᠬᠡᠬᠦ ᠥᠬᠡᠶ ᠪᠥᠭᠡᠳ ᠬᠦᠨᠳᠦ ᠨᠣᠴᠢᠲᠠᠶ ᠨᠡᠶᠢᠭᠡᠮ ᠤᠨ ᠮᠠᠭᠤ ᠨᠥᠯᠥᠭᠡ ᠭᠠᠷᠭᠠᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠱᠠᠭᠠᠷᠳᠠᠪᠠ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠢᠷᠠᠭᠤ ᠠᠯᠳᠠᠷ ᠤᠨ ᠫᠠᠶᠢᠰᠠ ᠡᠯᠭᠦᠬᠦ ᠦᠶ᠋ᠯᠡᠴᠢᠯᠡᠭᠡᠨ ᠤ ᠬᠠᠮᠢᠶᠠᠷᠤᠯᠲᠠ ᠶᠢᠨ ᠬᠢᠨᠠᠯᠲᠠ ᠲᠠᠯᠪ ᠢᠬᠤ ᠳ᠋ᠢᠶᠠᠩᠬᠤᠸᠠ ᠭᠠᠷᠭᠠᠵᠤ᠂ ᠵᠥᠪᠯᠡᠯᠭᠡ ᠥᠭᠬᠦ ᠪᠠ ᠵᠠᠭᠠᠯᠳᠤᠬᠤ ᠶᠢ ᠭᠥᠯᠢᠶᠡᠨ ᠠᠪᠴᠤ᠂ ᠬᠠᠷᠢᠭᠤ ᠲᠤᠰᠬᠠᠵ ᠤ ᠭᠦᠶ᠋ᠴᠡᠳᠬᠡᠬᠦ ᠡᠬᠡ ᠲᠠᠩᠰᠠ ᠶᠢ ᠪᠠᠶᠢᠭᠤᠯᠵᠤ᠂ ᠨᠡᠶᠢᠭᠡᠮ ᠪᠠ ᠦᠶ᠋ᠯᠡᠴᠢᠯᠡᠬᠦ ᠡᠲᠡᠭᠡᠳ ᠤᠨ ᠬᠢᠨᠠᠯᠲᠠ ᠲᠠᠯᠪᠢᠬᠤ ᠳᠤ ᠲᠥᠬᠦᠮ ᠦᠵᠡᠭᠦᠯᠬᠦ ᠬᠡᠷᠡᠭᠲᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1