ᠳ᠋ᠠ ᠲᠠᠩ ᠤᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢᠯᠡᠬᠦ ᠺᠣᠮᠫᠠᠨᠢ᠄ ᠠᠩᠬᠠᠨ ᠤ ᠤᠯᠠᠷᠢᠯ ᠤᠨ ᠰᠠᠶᠢᠨ ᠠᠮᠵᠢᠯᠳᠠ ᠶᠢ ᠪᠠᠶᠠᠷᠯᠠᠨ ᠤᠭᠲᠤᠵᠤ ᠪᠠᠶᠢᠨ᠎ᠠ
ᠨᠡᠶᠢᠲᠡᠯᠡᠭᠰᠡᠨ ᠴᠠᠭ᠄
2020-04-22
      ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ‌ᠦᠢᠯᠡᠳᠪᠦᠷᠢᠯᠡᠬᠦ ᠬᠢᠵᠠᠭᠠᠷᠳᠦ ᠬᠠᠷᠢᠭᠤᠴᠠᠯᠭᠠᠲᠤ ᠺᠣᠮᠫᠠᠨᠢ 7 ᠮᠠᠰᠢᠨ ᠴᠣᠭᠴᠠᠯᠠᠪᠤᠷᠢ ᠶᠢᠨ ᠪᠥᠬᠦ ᠬᠡᠯᠪᠡᠷᠢ ᠪᠠᠷ ᠠᠵᠢᠯᠯᠠᠵᠤ᠂ 6 ᠮᠠᠰᠢᠨ ᠴᠣᠭᠴᠠᠯᠠᠪᠤᠷᠢ ᠶᠢᠨ C ᠲᠠᠰ ᠤᠨ ᠪᠠᠶᠢᠴᠠᠭᠠᠨ ᠵᠠᠰᠠᠬᠤ ᠠᠵᠢᠯ ᠢ ᠪᠡᠶᠡᠯᠡᠭᠦᠯᠵᠦ᠂ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠠᠳᠠᠯᠢ ᠬᠤᠭᠤᠴᠠᠭᠠᠨ ᠤ ᠬᠢ ᠠᠴᠠ 2.04% ᠪᠠᠭᠤᠷᠠᠵᠤ᠂ ᠠᠶᠤᠯ ᠥᠬᠡᠶ ᠦᠢᠯᠡᠳᠪᠦᠷᠢᠯᠡᠯ 4970 ᠡᠳᠤᠷ ᠢ ᠳᠠᠪᠠᠵᠤ᠂ ᠠᠩᠬᠠᠨ ᠤ ᠤᠯᠠᠷᠢᠯ ᠳᠤ ᠬᠢᠯᠠᠯᠵᠠᠭᠰᠠᠨ ︽ᠡᠬᠢᠯᠡᠯᠲᠡ︾ ᠶᠢ ᠪᠡᠶᠡᠯᠡᠭᠦᠯᠪᠡ᠃      ᠬᠢᠵᠢᠭ ᠤᠨ ᠪᠠᠶᠢᠳᠠᠯ ᠤᠨ ᠡᠮᠦᠨ᠎ᠡ᠂ ᠲᠣᠰ ᠺᠣᠮᠫᠠᠨᠢ ᠬᠢᠵᠢᠭ ᠰᠡᠷᠭᠡᠶᠢᠯᠡᠬᠦ ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠵᠥᠪᠬᠡᠨ 6 ᠡᠳᠦᠷ ᠬᠡᠷᠡᠭᠯᠡᠵᠦ ᠪᠠᠶᠢᠭᠠᠳ ︽ᠡᠷᠡᠭᠦᠯ ᠮᠡᠨᠳᠦ ᠶᠢᠨ ᠭᠤᠶᠤᠴᠢᠯᠠᠨ ᠮᠡᠳᠡᠭᠦᠯᠬᠦ ᠬᠠᠮᠢᠶᠠᠷᠤᠯᠳᠠ ᠶᠢᠨ ᠲᠠᠪᠴᠠᠩ︾ ᠢ ᠠᠮᠵᠢᠯᠲᠠ ᠲᠠᠢ ᠪᠠᠷ ᠨᠡᠭᠡᠭᠡᠨ ᠬᠥᠭᠵᠢᠭᠦᠯᠦᠭᠰᠡᠨ ᠪᠥᠭᠡᠳ ᠭᠤᠤᠯᠳᠠᠯᠭ᠎ᠠ ᠲᠠᠢ ᠣᠷᠣᠨ ᠪᠦᠰᠡ ᠳᠤ ᠤᠯᠠᠭᠠᠨ ᠤ ᠭᠠᠳᠠᠨᠠᠬᠢ ᠳᠤᠯᠠᠭᠠᠨ ᠤ ᠬᠡᠮᠵᠢᠯᠲᠡ ᠶᠢᠨ ᠰᠢᠰᠲ᠋ᠧᠮ ᠢ ᠲᠣᠬᠢᠷᠠᠭᠤᠯᠵᠠᠶ᠃      ᠲᠤᠰ ᠺᠣᠮᠫᠠᠨᠢ ᠬᠠᠪᠤᠷ ᠤᠨ ᠤᠯᠠᠷᠢᠯ ᠤᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ  ᠪᠠᠶᠢᠴᠠᠭᠠᠯᠳᠠ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ 329 ᠵᠦᠢᠯ ᠢ ᠪᠡᠶᠡᠯᠡᠭᠦᠯᠵᠦ᠂ ᠶᠡᠭᠡ ᠪᠠᠭ᠎ᠠ ᠰᠦᠯᠵᠢᠶᠡᠨ ᠳᠡᠭᠡᠷᠡᠬᠢ ᠪᠣᠯᠪᠠᠰᠤᠷᠠᠯ ᠢ 860 ᠭᠠᠷᠤᠢ ᠤᠳᠠᠭ᠎ᠠ ᠥᠷᠨᠢᠭᠦᠯᠦᠭᠰᠡᠨ ᠪᠥᠭᠡᠳ 7 ᠳ᠋ᠤᠭᠠᠷ ᠨᠣᠮᠧᠷᠲᠤ ᠮᠠᠰᠢᠨ ᠴᠣᠭᠴᠠᠯᠠᠪᠤᠷᠢ ᠶᠢᠨ A ᠰᠡᠯᠪᠢᠨ ᠵᠠᠰᠠᠬᠤ ᠠᠵᠢᠯ ᠢ ᠤᠷᠢᠳᠴᠢᠯᠠᠨ ᠲᠥᠰᠦᠪᠯᠡᠵᠦ᠂ 3 ᠳ᠋ᠤᠭᠠᠷ ᠨᠣᠮᠧᠷᠲᠤ ᠨᠢᠭᠤᠴᠠ ᠸᠠᠭᠠᠷ ᠢ ᠵᠠᠪᠳᠤᠨ ᠰᠡᠯᠪᠢᠨ ᠵᠠᠰᠠᠬᠤ ᠶᠢ ᠤᠷᠤᠭᠰᠢᠲᠠᠢ ᠪᠡᠶᠡᠯᠡᠭᠦᠯᠵᠦ᠂ ᠮᠠᠰᠢᠨ ᠴᠣᠭᠴᠠᠯᠠᠪᠤᠷᠢ ᠶᠢᠨ ᠡᠷᠡᠭᠦᠯ ᠢᠶᠠᠷ ᠠᠵᠢᠯᠯᠠᠬᠤ ᠶᠢ ᠪᠠᠲᠤᠯᠠᠪᠠ᠃ ᠲᠣᠰ ᠺᠣᠮᠫᠠᠨᠢ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠶᠢ ᠭᠦᠨᠵᠡᠭᠡᠶ ᠠᠭᠤᠳᠠᠯᠵᠤ᠂ ᠵᠠᠬ᠎ᠠ ᠳᠡᠯᠭᠡᠭᠦᠷ ᠤᠨ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ 2 ᠳ᠋ᠤᠭᠠᠷ ᠰᠠᠷ᠎ᠠ ᠳᠤ ᠤᠮᠠᠷᠠᠲᠤ ᠣᠷᠣᠨ ᠳᠤ ᠳᠤᠮᠳᠠᠳᠤ ᠣᠷᠣᠨ ᠤ ᠮᠤᠵᠢ ᠣᠷᠣᠨ ᠠᠯᠤᠰᠯᠠᠨ ᠲᠥᠪᠯᠡᠷᠡᠭᠦᠯᠦᠨ ᠦᠨ᠎ᠡ ᠬᠠᠶᠠᠯᠴᠠᠨ ᠠᠷᠠᠯᠵᠢᠶᠠᠯᠠᠬᠤ ᠳᠤᠮᠳᠠ ᠳᠠᠭᠠᠭᠠᠴᠢᠯᠠᠯᠲᠠ ᠣᠯᠵᠠᠶ᠃      ᠡᠭᠦᠨ ᠠᠴᠠ ᠭᠠᠳᠠᠨ᠎ᠠ᠂ ᠲᠣᠰ ᠺᠣᠮᠫᠠᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ︽ᠨᠢᠭᠡ ᠴᠦ ᠣᠨᠣᠰᠢᠯᠠᠭ᠎ᠠ ᠥᠬᠡᠶ᠂ ᠨᠢᠭᠡ ᠴᠦ ᠰᠡᠵᠢᠭᠯᠡᠯ ᠥᠬᠡᠶ︾ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠲᠤᠤᠷ᠎ᠠ ᠂ ᠲᠡᠭᠡᠭᠡᠪᠦᠷᠢᠯᠡᠨ ᠬᠦᠷᠭᠡᠬᠦ ᠠᠵᠢᠯ ᠡᠮᠬᠢ ᠵᠢᠷᠤᠮ ᠲᠠᠢ ᠶᠠᠪᠤᠭᠳᠠᠵᠤ᠂ ᠲᠦᠯᠡᠰᠢᠨ ᠬᠠᠩᠭᠠᠯᠭ᠎ᠠ ᠨᠢ ︽ᠬᠦᠨᠡᠰᠦᠨ ᠠᠮᠤ ︾ ᠭᠦᠢᠴᠡᠳ ᠪᠠᠶᠢᠨ᠎ᠠ᠃ 21 ᠬᠤᠪᠢᠶᠠᠷᠢ ᠠᠵᠢᠯᠴᠢᠨ ᠤ ᠡᠪᠯᠡᠯ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠤᠷᠤᠯᠳᠤᠭᠠᠨ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠠᠵᠢᠯᠯᠠᠭ᠎ᠠ ᠥᠷᠨᠢᠭᠦᠯᠵᠦ᠂ 25 ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ︽ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠬᠢᠵᠢᠭ ᠤᠨ ᠪᠠᠶᠢᠳᠠᠯ ᠭᠠᠷᠭᠠᠬᠤ︾ ᠬᠥᠳᠡᠯ ᠮᠦᠷᠢ ᠶᠢᠨ ᠤᠷᠤᠯᠳᠤᠭᠠᠨ ᠥᠷᠨᠢᠭᠦᠯᠵᠦ᠂ ᠬᠥᠮᠦᠨ ᠨᠡᠶᠢᠭᠡᠮ ᠤᠨ ᠬᠠᠯᠠᠮᠵᠢᠯᠠᠯ ᠢᠶᠠᠷ ᠠᠵᠢᠯᠲᠠᠨ ᠠᠵᠢᠯᠴᠢᠨ ᠤ ᠡᠩᠨᠡᠭᠡᠨ ᠤ ᠲᠣᠭᠲᠠᠭᠤᠨ ᠪᠠᠶᠢᠳᠠᠯ ᠢ ᠠᠬᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1