ᠲᠤᠭᠳᠠᠬᠤ ᠰᠢᠶᠠᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ  ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-04-23
      4 ᠰᠠᠷ᠎ᠠ ᠶᠢᠨ 21 ᠤ ᠡᠳᠦᠷ᠂ ᠲᠤᠭᠳᠠᠬᠤ ᠰᠢᠶᠠᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠵᠠᠰᠠᠭ ᠣᠨ ᠣᠷᠳᠣᠨ ᠤ ᠰᠢᠶᠠᠨ ᠤ ᠳᠡᠳ᠋ ᠳᠠᠷᠤᠭ᠎ᠠ ᠯᠦ ᠢᠦᠶ ᠵᠦᠩ᠂ ᠡᠯ᠎ᠡ ᠪᠠᠯᠭᠠᠰᠤ᠂ ᠾᠧ ᠺᠧᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠤᠯᠤᠰ ‍ᠤᠨ‌ᠦᠮᠴᠢᠯᠡᠯᠳᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ︽ᠲᠣᠭᠲᠠᠬᠤ ᠰᠢᠶᠠᠨ ᠤ ᠤᠯᠤᠰ ᠤᠨ ᠦᠮᠴᠢᠯᠡᠯᠳᠦ ᠠᠵᠤ ᠠᠬᠤᠶᠢᠯᠠᠯ ‍ᠤᠨ‌ᠨᠠᠰᠤᠨ ᠤ ᠠᠮᠠᠷᠠᠯᠲᠠ ᠠᠪᠤᠭᠰᠠᠨ ᠬᠦᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠬᠤᠯᠪᠤᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ︽ᠲᠥᠰᠦᠯ︾ ᠳᠤ ᠱᠠᠭᠠᠷᠳᠠᠭᠰᠠᠨ ᠨᠢ᠂ 2020 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠤᠭᠳᠠᠬᠤ ᠰᠢᠶᠠᠨ ᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠡᠳᠦᠶ ᠤᠯᠤᠰ ᠤᠨ  ᠦᠮᠴᠢᠯᠡᠯᠳᠦ ᠠᠵᠤ ᠠᠬᠤᠶᠢᠯᠠᠯ ᠤᠨ ᠨᠢᠭᠡᠨᠳᠡ ᠨᠠᠰᠤᠨ ᠤ ᠠᠮᠠᠷᠠᠯᠲᠠ ᠠᠪᠤᠭᠰᠠᠨ ᠬᠦᠮᠦᠰ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠳᠤ ᠰᠢᠯᠵᠢᠭᠦᠯᠦᠨ ᠲᠤᠰᠢᠶᠠᠵᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠥᠷᠭᠡᠨ ᠣᠯᠠᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠲᠤ ᠡᠷᠬᠡ ᠲᠡᠭᠰᠢ᠂ ᠠᠳᠠᠯᠢ ᠲᠡᠭᠰᠢ  ᠦᠢᠯᠡᠴᠢᠯᠡᠭᠡ ᠬᠠᠩᠭᠠᠵᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠨ ᠬᠥᠮᠦᠰ ᠤᠨ ᠬᠠᠮᠢᠶᠠᠷᠤᠯᠲᠠ ᠶᠢᠨ  ᠦᠢᠯᠡᠴᠢᠯᠡᠭᠡᠨ ᠤ ᠠᠵᠢᠯ ᠢ ᠰᠢᠨ᠎ᠡ ᠪᠠᠷ ᠭᠦᠢᠴᠡᠳᠭᠡᠬᠦ ᠶᠢ ᠤᠤᠯ ᠤᠨ ᠠᠵᠤ ᠠᠬᠤᠶᠢᠯᠠᠯ ᠠᠴᠠ ᠰᠠᠯᠭᠠᠵᠤ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠠᠴᠠ ᠵᠣᠬᠢᠴᠠᠩᠭᠤᠶ ᠬᠠᠮᠢᠶᠠᠷᠤᠯᠲᠠ ᠪᠠ ᠦᠢᠯᠡᠴᠢᠯᠡᠭᠡ ᠬᠠᠩᠭᠠᠨ᠎ᠠ ᠭᠡᠪᠡ᠃      ᠬᠤᠷᠠᠯ ᠠᠴᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠠᠬᠢᠭᠤᠯᠬᠤ ᠪᠣᠯ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠠᠵᠢᠯ ᠡᠷᠬᠢᠯᠡᠬᠦ ᠡᠭᠦᠷᠭᠡ ᠴᠢᠳᠠᠪᠬᠢ ᠶᠢ ᠲᠦᠷᠭᠡᠨ ᠰᠠᠯᠭᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠭᠤᠯᠭ᠎ᠠ ᠪᠣᠯᠤᠨ᠎ᠠ᠂ ᠪᠠᠰᠠ ᠴᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠢᠯᠠᠩᠭᠤᠶ᠎ᠠ ᠤᠯᠤᠰ ‍ᠤᠨ‌ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠥᠲᠡᠯᠦᠭᠡ ᠨᠠᠰᠤᠨ ᠤ ᠠᠮᠢᠳᠤᠷᠠᠯ ᠤᠨ ᠠᠮᠤᠷ ᠲᠣᠭᠲᠠᠭᠤᠨ ᠵᠣᠯ ᠵᠢᠷᠭᠠᠯ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠨ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠤᠯᠤᠰ ᠠᠴᠠ ᠥᠮᠴᠢᠯᠡᠯᠲᠦ ᠠᠵᠤ ᠠᠬᠤᠶᠢᠯᠠᠯ ᠦᠵᠡᠯ ᠰᠠᠨᠠᠭ᠎ᠠ ᠪᠠᠨ ᠨᠢᠭᠡᠳᠭᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠡᠵᠡᠮᠰᠢᠵᠦ᠂ ᠭᠤᠤᠯᠳᠠᠯᠭ᠎ᠠ ᠶᠢ ᠳᠣᠪᠤᠶᠢᠯᠭᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠪᠠᠲᠤᠯᠠᠭ᠎ᠠ ᠪᠠᠨ ᠴᠢᠩᠭᠠᠳᠬᠠᠵᠤ᠂ ᠡᠨᠡᠬᠦ ᠠᠵᠢᠯ ᠢ ᠰᠠᠶᠢᠳᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠴᠠᠭ ᠲᠤᠬᠠᠶ  ᠳᠤᠨᠢ ᠰᠤᠳᠤᠯᠤᠨ ᠪᠠᠶᠢᠷᠢᠯᠠᠭᠤᠯᠵᠤ᠂ ᠲᠥᠰᠦᠯ ᠢᠶᠠᠨ ᠬᠢᠨᠠᠮᠠᠭᠠᠶ ᠲᠣᠭᠲᠠᠭᠠᠵᠤ᠂ ᠵᠢᠭᠰᠠᠭᠠᠨ ᠪᠠᠶᠢᠴᠠᠭᠠᠬᠤ ᠡᠷᠴᠢᠮ  ᠪᠠᠨ ᠴᠢᠩᠭᠠᠷᠠᠭᠤᠯᠬᠤ ᠬᠡᠷᠡᠭᠲᠡᠶ᠃ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠡᠪᠲᠡᠷᠡᠯᠴᠡᠨ ᠰᠣᠯᠢᠯᠴᠠᠬᠤ ᠠᠷᠭ᠎ᠠ ᠵᠠᠮ ᠢ ᠰᠢᠯᠤᠭᠤᠳᠬᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠪᠠᠲᠤᠯᠠᠭ᠎ᠠ ᠶᠢᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ  ᠪᠠᠶᠢᠷᠢᠯᠠᠭᠤᠯᠤᠯᠳᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠦᠨ᠎ᠡ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1