4 ᠰᠠᠷ᠎ᠠ ᠶᠢᠨ 22 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠤᠭᠳᠠᠬᠤ ᠰᠢᠶᠠᠨ ᠤ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ | ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠮᠡᠳᠡᠭᠦᠯᠦᠯᠲᠡ ᠶᠢ ᠵᠥᠪᠯᠡᠵᠦ᠂ ᠬᠥᠭᠵᠢᠯᠲᠡ ᠶᠢ | ᠡᠷᠢᠯᠬᠢᠯᠡᠵᠦ᠂ ᠠᠷᠠᠳ ᠤᠨ ᠠᠮᠢᠳᠤᠷᠠᠯ ᠢ ᠶᠠᠷᠢᠯᠴᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ | ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠢᠳᠡᠪᠬᠢᠲᠡᠢ ᠶᠠᠷᠢᠶ᠎ᠠ ᠲᠠᠯᠪᠢᠵᠤ᠂ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠪᠠ᠃ ᠬᠡᠰᠡᠭ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ | ᠶᠦᠨ ᠵᠢᠶᠠᠨ ᠳ᠋ᠦᠩ ᠬᠡᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠤᠭ ᠲᠡᠮᠳᠡᠭ | ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠠᠮᠵᠢᠯᠲᠠ ᠪᠦᠲᠦᠮᠵᠢ ᠪᠠᠨ ᠳ᠋ᠦᠩᠨᠡᠵᠦ ᠦᠨᠡᠨ ᠠᠴᠠ ᠵᠥᠪ ᠢ | ᠡᠷᠢᠵᠦ᠂ ᠪᠠᠶᠢᠳᠠᠯ ᠢ ᠵᠠᠳᠠᠯᠤᠨ ᠪᠥᠬᠦ ᠲᠠᠯ᠎ᠠ ᠪᠠᠷ ᠭᠦᠨᠵᠡᠭᠡᠢ᠂ ᠠᠵᠢᠯ ᠤᠨ ᠰᠡᠳᠬᠢᠮᠵᠢ ᠲᠣᠳᠣᠷᠬᠠᠶ ᠪᠠᠶᠢᠵᠤ᠂ | ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ | ᠰᠠᠨᠠᠭ᠎ᠠ ᠪᠠᠨ ᠬᠥᠪᠴᠢᠯᠡᠨ᠂ ᠬᠥᠮᠦᠰ ᠢ ᠵᠤᠷᠢᠭᠵᠢᠭᠤᠯᠬᠤᠰᠠᠶᠢᠨ ᠢᠯᠡᠳᠬᠡᠯ ᠮᠥᠨ ᠭᠡᠵᠡᠶ᠃ | ᠶᠦᠨ ᠵᠢᠶᠠᠨ ᠳ᠋ᠦᠩ᠂ 2019 ᠣᠨ ᠪᠣᠯ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠬᠦᠨᠳᠦ ᠨᠣᠴᠢᠲᠠᠢ | ᠨᠠᠷᠢᠨ ᠪᠤᠳᠤᠯᠢᠲᠠᠨᠳᠠᠢ ᠠᠵᠤ ᠠᠬᠤᠢ ᠶᠢᠨ ᠪᠠᠶᠢᠳᠠᠯ ᠤᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠬᠤᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠡᠯ᠎ᠡ | ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠮᠵᠢᠯᠳᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ | ᠶᠤᠮ ᠭᠡᠵᠡᠢ᠃ | ᠶᠦᠨ ᠵᠢᠶᠠᠨ ᠳ᠋ᠦᠩ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯᠲᠡ ᠶᠢᠨ ᠵᠢᠯ᠂ ᠶᠠᠳᠠᠭᠤ ᠠᠴᠠ ᠠᠩᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠬᠦᠷᠳᠡᠵᠦ᠂ ᠮᠠᠨ ᠤ ᠬᠤᠳᠠ ᠶᠢᠨ ᠠᠵᠤ ᠠᠬᠤᠢ | ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠳᠠᠷᠤᠯᠲᠠ ᠨᠡᠩ ᠶᠡᠭᠡ᠂ ᠡᠭᠦᠷᠭᠡ ᠨᠡᠩ ᠬᠦᠨᠳᠦ | ᠪᠠᠶᠢᠨ᠎ᠠ ᠭᠡᠪᠡ᠃ | ᠲᠤᠭᠳᠠᠬᠤ ᠰᠢᠶᠠᠨ ᠬᠦᠴᠢᠷ ᠢ ᠰᠦᠷᠦᠨ ᠤᠷᠤᠭᠰᠢᠯᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠱᠠᠭᠠᠷᠳᠠᠯᠭ᠎ᠠ ᠳᠡᠭᠡᠷ᠎ᠡ | ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠠᠵᠢᠯ ᠢ ᠨᠢᠭᠡᠳᠦᠯᠳᠡᠢ ᠲᠥᠯᠥᠪᠯᠡᠨ ᠠᠬᠢᠭᠤᠯᠬᠤ ᠬᠡᠷᠡᠭᠲᠡᠶ᠃ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ | ᠪᠣᠳᠠᠲᠠᠢ ᠠᠵᠢᠯᠯᠠᠵᠤ᠂ ᠠᠵᠤ ᠦᠢᠯᠡᠳᠪᠦᠷᠢ ᠪᠠᠷ ᠰᠢᠶᠠᠨ ᠢ ᠬᠦᠴᠦᠷᠬᠡᠭᠵᠢᠭᠦᠯᠦᠨ᠂ ᠲᠦᠷᠦᠯ ᠵᠦᠢᠯ ᠢ ᠠᠩᠬᠠᠷᠤᠨ | ᠬᠥᠭᠵᠢᠯᠲᠡ ᠶᠢ ᠠᠬᠢᠭᠤᠯᠵᠤ᠂ ᠤᠯᠤᠰ ᠤᠨ ᠠᠵᠤ ᠦᠢᠯᠡᠳᠪᠦᠷᠢ ᠶᠢᠨ ᠬᠦᠷᠢᠶᠡᠯᠡᠩ ᠢᠶᠠᠷ ᠲᠦᠰᠢᠭ ᠪᠣᠯᠭᠠᠵᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠪ ᠤᠨ ᠤᠬᠠᠮᠰᠠᠷ ᠢ | ᠴᠢᠩᠭᠠᠳᠬᠠᠵᠤ᠂ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠶᠢ ᠪᠠᠷᠢᠮᠲᠠᠯᠠᠵᠤ᠂ ᠣᠷᠣᠨ ᠤ | ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠬᠦ ᠬᠡᠷᠡᠭᠲᠡᠢ ᠭᠡᠪᠡ᠃ |