ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠦᠭᠵᠢᠬᠦ ᠶᠢ ᠲᠦᠯᠬᠢᠨ ᠠᠬᠢᠭᠤᠯᠣᠶ᠎ᠠ — ᠥᠪᠥᠷ ᠮᠣᠩᠭᠤᠯ ᠤᠨ ᠲᠦᠷᠥ ᠶᠢᠨ ᠪᠣᠳᠣᠯᠭ᠎ᠠ ᠨᠢ ᠪᠣᠲᠠᠲᠠᠢ᠂ ᠠᠷᠭ᠎ᠠ ᠬᠡᠮᠵᠢᠶ᠎ᠡ ᠨᠢ ᠰᠢᠨ᠎ᠡ᠂ ᠨᠦᠬᠦᠪᠦᠷᠢ ᠮᠥᠩᠭᠦ  ᠨᠢ ᠭᠦᠢᠴᠡᠳ
ᠨᠡᠶᠢᠲᠡᠯᠡᠭᠰᠡᠨ ᠴᠠᠭ᠄
2020-04-25
      ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠦᠭᠵᠢᠬᠦ ᠶᠢ ᠲᠦᠯᠬᠢᠨ ᠠᠬᠢᠭᠤᠯᠣᠶ᠎ᠠ — ᠥᠪᠥᠷ ᠮᠣᠩᠭᠤᠯ ᠤᠨ ᠲᠦᠷᠥ ᠶᠢᠨ ᠪᠣᠳᠣᠯᠭ᠎ᠠ ᠨᠢ ᠪᠣᠲᠠᠲᠠᠢ᠂ ᠠᠷᠭ᠎ᠠ ᠬᠡᠮᠵᠢᠶ᠎ᠡ ᠨᠢ ᠰᠢᠨ᠎ᠡ᠂ ᠨᠦᠬᠦᠪᠦᠷᠢ ᠮᠥᠩᠭᠦ ᠨᠢ ᠭᠦᠢᠴᠡᠳ      ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠄ ᠯᠢᠦ ᠶᠦᠩ ᡁᠢ      ᠠᠭᠤᠯᠭ᠎ᠠ ᠶᠢᠨ ᠲᠤᠪᠴᠢ ᠲᠠᠨᠢᠯᠴᠠᠭᠤᠯᠭ᠎ᠠ᠄ ᠮᠠᠨ ᠤ ᠣᠷᠣᠨ ᠤ 2025 ᠣᠨ ᠳᠤ ᠰᠠᠭᠠᠯᠢ ᠶᠢᠨ ᠮᠠᠯ ᠤᠨ ᠲᠤᠭ᠎ᠠ ᠲᠤᠯᠤᠭᠠᠢ ᠶᠢ 350 ᠲᠦᠮᠡ ᠳᠤ ᠬᠦᠷᠦᠭᠦᠯᠵᠦ᠂ ᠰᠦ ᠴᠠᠭᠠᠨ ᠢᠳᠡᠭᠡᠨ ᠤ ᠲᠦᠷᠦᠯ ᠤᠨ ᠭᠠᠷᠤᠯᠲᠠ ᠶᠢ 1000 ᠲᠦᠮᠡᠨ ᠲᠣᠨ ᠳᠤ ᠬᠦᠷᠭᠡᠬᠦ ᠬᠠᠷᠠᠯᠲᠠ ᠶᠢ ᠦᠨᠡᠨ ᠬᠦ ᠪᠠᠲᠤᠯᠠᠬᠤ ᠶᠢᠨ ᠲᠤᠰᠠᠳᠠ᠂ 2019 ᠣᠨ ᠤ 8 ᠰᠠᠷ᠎ᠠ ᠪᠠ 12 ᠰᠠᠷ᠎ᠠ ᠳᠤ᠂ ᠮᠠᠨ ᠤ ᠣᠷᠣᠨ ᠠᠴᠠ ︽ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠂ ︽ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠢ ᠵᠠᠯᠭᠠᠭ᠎ᠠ ᠪᠠᠷ ᠨᠡᠶᠢᠲᠡᠯᠡᠪᠡ᠃            ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠮᠠᠨ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠪᠠᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ ᠶᠢ ᠤᠷᠢᠵᠤ᠂ ᠰᠦᠯᠵᠢᠶᠡᠨ ᠤ ᠰᠤᠷᠪᠤᠯᠵᠢᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠶᠢ ᠲᠦᠯᠬᠢᠨ ᠠᠬᠢᠭᠤᠯᠬᠤ ᠲᠠᠯ᠎ᠠ ᠪᠠᠷ ᠬᠢ ᠶᠠᠷᠢᠶᠠᠨ ᠤ ᠰᠡᠳᠦᠪ ᠤᠨ ᠲᠣᠭᠤᠷᠢᠨ ᠳᠤ ᠣᠯᠠᠨ ᠲᠠᠢ ᠬᠠᠷᠢᠯᠴᠠᠨ ᠰᠠᠨᠠᠯ ᠢᠶᠠᠨ ᠰᠤᠯᠢᠯᠴᠠᠶ᠎ᠠ᠃ ᠯᠢᠦ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕ ᠯᠢᠦ ᠲᠢᠩᠬᠢᠮ ᠤᠨ ᠳᠠᠷᠤᠭ᠎ᠠ ᠡ᠂ 2019 ᠣᠨ ᠤ 8 ᠰᠠᠷ᠎ᠠ ᠳᠤ ᠥᠪᠥᠷ ᠮᠣᠩᠭᠤᠯ ᠠᠴᠠ ︽ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ 2019 ᠣᠨ ᠤ 12 ᠰᠠᠷ᠎ᠠ ᠳᠤ ᠮᠠᠨ ᠤ ᠣᠷᠣᠨ ᠪᠠᠰᠠ ᠵᠠᠯᠭᠠᠭᠠᠳ ︽ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠥᠭᠵᠢᠬᠦ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠂ ᠲᠠᠨ ᠤ ᠦᠵᠡᠬᠦ ᠪᠠᠷ᠂ ᠬᠠᠭᠠᠰ ᠵᠢᠯ ᠪᠣᠯᠤᠭᠠᠳᠤᠶ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠴᠠ ᠬᠤᠶᠠᠷ ᠬᠤᠪᠢ ᠴᠢᠬᠤᠯᠠ ᠪᠢᠴᠢᠭ ᠮᠠᠲ᠋ᠧᠷᠢᠶᠠᠯ ᠨᠡᠶᠢᠲᠡᠯᠡᠭᠰᠡᠨ ᠨᠢ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠳᠤ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠣᠶ︖      ᠯᠢᠦ ᠶᠦᠩ ᡁᠢ᠄ ᠬᠥᠲᠥᠯᠥᠭᠴᠢ ᠰᠠᠶᠢᠨ ᠤᠤ︕ ᠤᠶᠢᠷ᠎ᠠ ᠶᠢᠨ ᠵᠢᠯ ᠤᠨ ᠲᠤᠷᠰᠢ᠂ ᠶᠡᠭᠡ ᠣᠷᠴᠢᠨ ᠲᠣᠭᠤᠷᠢᠨ ᠤ ᠨᠦᠯᠦᠭᠡ ᠠᠴᠠ ᠪᠤᠯᠵᠤ᠂ ᠲᠦᠭᠦᠬᠡᠶ ᠰᠦ ᠶᠢᠨ ᠭᠠᠳᠠᠭᠠᠳᠤ ᠠᠴᠠ ᠣᠷᠣᠭᠤᠯᠬᠤ ᠦᠨ᠎ᠡ ᠦᠷᠭᠦᠯᠵᠢᠯᠡᠨ ᠪᠠᠭᠤᠷᠠᠵᠤ᠂ ᠤᠯᠤᠰ ᠤᠨ ᠳᠣᠲᠣᠭᠠᠳᠤ ᠵᠢᠴᠢ ᠣᠷᠣᠨ ᠤ ᠳᠣᠲᠣᠭᠠᠳᠤ ᠶᠢᠨ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠨᠢ ᠨᠡᠯᠢᠶᠡᠳ ᠥᠨᠳᠥᠷ ᠪᠣᠯᠵᠣ᠂ ᠮᠠᠨ ᠤ ᠥᠪᠥᠷ ᠮᠣᠩᠭᠤᠯ ᠤᠨ ᠲᠡᠵᠢᠭᠡᠨ ᠦᠷᠡᠵᠢᠭᠦᠯᠬᠦ ᠡᠷᠦᠬᠡ ᠮᠠᠰᠢ ᠣᠯᠠᠨ ᠬᠦᠴᠢᠷᠳᠡᠯ ᠳᠤ ᠲᠤᠯᠭᠠᠷᠠᠪᠠ᠂ ᠰᠢᠨ᠎ᠡ ᠰᠦ ᠦᠯᠡᠭᠦᠳᠡᠬᠦ ᠨᠢ ᠬᠠᠮᠤᠭ ᠤᠨ ᠶᠡᠭᠡ ᠬᠢᠮᠤᠷᠠᠯ ᠪᠣᠯᠪᠠ᠃ ᠮᠠᠰᠢ ᠣᠯᠠᠨ ᠲᠡᠵᠢᠭᠡᠨ ᠦᠷᠡᠵᠢᠭᠦᠯᠬᠦ ᠡᠷᠦᠬᠡ ᠰᠦ ᠬᠤᠳᠠᠯᠳᠤᠬᠤ ᠳᠤ ᠬᠦᠴᠢᠷᠲᠡᠶ ᠠᠴᠠ ᠪᠣᠯᠵᠣ᠂ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ ᠶᠢᠨ ᠠᠷᠭ᠎ᠠ ᠥᠬᠡᠶ ᠪᠣᠯᠤᠭᠰᠠᠨ ᠪᠤᠶᠤ ᠰᠠᠭᠠᠯᠢ ᠶᠢᠨ ᠦᠨᠢᠶ᠎ᠡ ᠶᠢ ᠰᠢᠢᠳᠪᠦᠷᠢᠯᠡᠬᠦ ᠡᠰᠡᠬᠦᠯ᠎ᠡ ᠥᠭᠡᠷ᠎ᠡ ᠵᠦᠢᠯ ᠢ ᠦᠢᠯᠡᠳᠪᠦᠷᠢᠯᠡᠭᠰᠡᠨ ᠪᠠᠶᠢᠨ᠎ᠠ᠂ ᠢᠩᠭᠢᠭᠡᠳ ᠪᠠᠶᠢᠪᠠᠯ ᠮᠠᠨ ᠤ ᠥᠪᠥᠷ ᠮᠣᠩᠭᠤᠯ ᠤᠨ ᠰᠦ ᠴᠠᠭᠠᠨ ᠢᠳᠡᠭᠡᠨ ᠤ ᠦᠢᠯᠡᠰ ᠤᠨ ᠦᠷᠭᠦᠯᠵᠢᠯᠡᠬᠦ᠋ᠢᠴᠡ ᠬᠦᠭᠵᠢᠯᠲᠡ ᠳᠤ ᠮᠠᠰᠢ ᠠᠰᠢᠭ ᠥᠬᠡᠶ ᠶᠣᠮ᠃ ᠡᠭᠦᠨ ᠤ ᠬᠠᠮᠲᠤ᠂ ᠬᠥᠮᠦᠰ ᠤᠨ ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠡᠷᠡᠭᠯᠡᠭᠴᠢᠳ ᠤᠨ ᠴᠠᠭᠠᠨ ᠢᠳᠡᠭᠡᠨ ᠤ ᠱᠠᠭᠠᠷᠳᠠᠯᠭ᠎ᠠ ᠡᠳᠦᠷ ᠢᠷᠡᠬᠦᠶ᠎ᠡ ᠣᠯᠠᠨ ᠡᠰᠢᠵᠢᠵᠦ᠂ ᠴᠠᠭᠠᠨ ᠢᠳᠡᠭᠡᠨ ᠤ ᠠᠵᠤ ᠠᠬᠤᠶᠢᠯᠠᠯ ᠳᠤ ᠲᠠᠯᠪᠢᠭᠰᠠᠨ ᠱᠠᠭᠠᠷᠳᠠᠯᠭ᠎ᠠ ᠴᠤ ᠶᠠᠪᠤᠬᠤ ᠲᠤᠲᠤᠮ ᠥᠨᠳᠥᠷ ᠪᠣᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠡᠨᠡ ᠬᠤᠶᠠᠷ ᠪᠢᠴᠢᠭ ᠮᠠᠲ᠋ᠧᠷᠢᠶᠠᠯ ᠨᠢ ᠨᠡᠶᠢᠭᠡᠮ ᠳᠠᠶᠠᠭᠠᠷ ᠲᠤ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ᠂ ᠢᠯᠠᠩᠭᠤᠶ᠎ᠠ ᠥᠪᠥᠷ ᠮᠣᠩᠭᠤᠯ ᠤᠨ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠦᠭᠵᠢᠬᠦ ᠳᠤ ᠴᠢᠩᠭ᠎ᠠ ᠳᠣᠬᠢᠶ᠎ᠠ ᠥᠭᠭᠦᠭᠰᠡᠨ ᠭᠡᠵᠦ ᠬᠡᠯᠡᠵᠦ ᠪᠣᠯᠤᠨ᠎ᠠ᠃ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠨᠢ ᠭᠡᠷ ᠪᠦᠯᠢ ᠪᠠᠷ ᠡᠵᠡᠩᠨᠡᠬᠦ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢ ᠡᠩ ᠲᠡᠷᠢᠭᠦᠨ ᠳᠤ ᠬᠥᠭᠵᠢᠭᠦᠯᠬᠦ ᠳᠤᠪᠤᠶᠢᠮ᠎ᠠ ᠪᠠᠶᠢᠷᠢᠨ ᠳᠤ ᠲᠠᠯᠪᠢᠵᠤ᠂ ᠰᠦ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠵᠣᠷᠢᠭᠵᠢᠭᠤᠯᠤᠨ ᠳᠠᠮᠵᠢᠵᠤ᠂ ᠣᠳᠣᠬᠠᠨ ᠤ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠪᠠ ᠵᠥᠷᠢᠶ᠎ᠡ ᠶᠢ ᠪᠦᠬᠦ ᠲᠠᠯ᠎ᠠ ᠪᠠᠷ ᠡᠮᠬᠢᠯᠡᠨ᠂ ᠴᠢᠭᠯᠡᠯᠲᠦ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠲᠠᠭᠠᠭᠰᠠᠨ ᠪᠠᠶᠢᠨ᠎ᠠ᠃ ᠬᠠᠷᠢᠨ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠳᠠᠷᠣᠢ ︽ᠬᠡᠷᠡᠭᠵᠢᠭᠦᠯᠬᠦ ᠰᠠᠨᠠᠯ︾ ᠢ ᠤᠯᠠᠮ ᠨᠢᠭᠡ ᠠᠯᠬᠤᠮ ᠨᠠᠷᠢᠯᠢᠬᠵᠢᠭᠤᠯᠤᠭᠰᠠᠨ ᠶᠠᠪᠤᠳᠠᠯ ᠪᠣᠯᠤᠨ᠎ᠠ᠃ ᠡᠨᠡ ᠬᠤᠶᠠᠷ ᠪᠢᠴᠢᠭ ᠮᠠᠲ᠋ᠧᠷᠢᠶᠠᠯ ᠪᠣᠯ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠᠶᠢᠵᠤ᠂ ᠪᠥᠬᠦ ᠤᠯᠤᠰ ᠤᠨ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ᠂ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠪᠠ ᠬᠡᠷᠡᠭᠯᠡᠭᠴᠢᠳ ᠤᠨ ᠤᠯᠤᠰ ᠲᠤ ᠪᠠᠨ ᠦᠢᠯᠡᠳᠪᠦᠷᠢᠯᠡᠭᠰᠡᠨ ᠴᠠᠭᠠᠨ ᠢᠳᠡᠭᠡᠨ ᠤ ᠲᠤᠬᠠᠶ ᠢᠲᠡᠭᠡᠯ ᠢ ᠳᠡᠭᠡᠭᠰᠢᠯᠡᠭᠦᠯᠬᠦ ᠳᠤ ᠴᠥᠮ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠭᠡᠵᠦ ᠬᠡᠯᠡᠵᠦ ᠪᠣᠯᠤᠨ᠎ᠠ᠃      ᠬᠥᠲᠥᠯᠥᠭᠴᠢ᠄ ᠪᠢᠳᠡ ᠡᠨᠡ ᠬᠤᠶᠠᠷ ᠪᠢᠴᠢᠭ ᠮᠠᠲ᠋ᠧᠷᠢᠶᠠᠯ ᠳᠤ ᠴᠥᠮ ᠨᠢᠭᠡᠨ ᠲᠣᠳᠣᠷᠬᠠᠶ ᠬᠠᠷᠠᠯᠲᠠ ᠲᠠᠢ ᠪᠠᠶᠢᠬᠤ ᠶᠢ ᠠᠩᠬᠠᠷᠴᠤ ᠣᠯᠵᠠᠶ᠂ 2025 ᠣᠨ ᠪᠣᠯᠬᠤ ᠳᠤ᠂ ᠮᠠᠨ ᠤ ᠣᠷᠣᠨ ᠤ ᠵᠤᠭᠰᠤᠭ᠎ᠠ ᠰᠠᠭᠠᠯᠢ ᠶᠢᠨ ᠮᠠᠯ ᠤᠨ ᠲᠤᠭ᠎ᠠ ᠲᠤᠯᠤᠭᠠᠢ ᠶᠢ 350 ᠲᠦᠮᠡ ᠳᠤ ᠬᠦᠷᠦᠭᠦᠯᠵᠦ᠂ ᠰᠦ ᠴᠠᠭᠠᠨ ᠢᠳᠡᠭᠡᠨ ᠤ ᠲᠦᠷᠦᠯ ᠤᠨ ᠭᠠᠷᠤᠯᠲᠠ ᠶᠢ 1000 ᠲᠦᠮᠡᠨ ᠲᠣᠨ ᠳᠤ ᠬᠦᠷᠦᠭᠦᠯᠦᠨ᠎ᠡ ᠭᠡᠵᠡᠢ᠂ ᠲᠠᠨ ᠤ ᠦᠵᠡᠬᠦ ᠪᠠᠷ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠥᠪᠥᠷ ᠮᠣᠩᠭᠤᠯ ᠳᠤ ᠶᠠᠮᠠᠷ ᠶᠠᠮᠠᠷ ᠳᠠᠪᠠᠭᠤᠯᠢᠭ ᠪᠠ ᠨᠥᠬᠦᠴᠡᠯ ᠲᠠᠢ ᠪᠣᠶ︖      ᠯᠢᠦ ᠶᠦᠩ ᡁᠢ᠄ ᠮᠠᠨ ᠤ ᠣᠷᠣᠨ ᠥᠪᠡᠷᠮᠢᠴᠡ ᠳᠠᠪᠠᠭᠤᠯᠢᠭ ᠪᠠ ᠨᠥᠬᠦᠴᠡᠯ ᠲᠠᠢ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠣᠢ᠂ ᠨᠢᠳᠤᠨᠤᠨ ᠮᠠᠨ ᠤ ᠣᠷᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ᠂ ᠥᠨᠳᠥᠷ ᠬᠤᠷᠢᠶᠠᠯᠲᠠ ᠲᠠᠢ ᠴᠠᠷᠭᠠᠰᠤ᠂ ᠳᠤᠮᠳᠠ ᠵᠢᠵᠢᠭ ᠮᠠᠯᠵᠢᠯ ᠤᠨ ᠲᠠᠯᠠᠪᠠᠶ ᠶᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠲᠥᠷᠥᠯ ᠵᠦᠢᠯ ᠳᠤ ᠣᠯᠤᠭᠰᠠᠨ ᠤᠯᠤᠰ ᠤᠨ ᠪᠠᠯᠠ ᠮᠦᠩᠭᠦ ᠶᠢᠨ ᠳᠡᠮᠵᠢᠯᠭᠡ ᠨᠢ ᠪᠥᠬᠦ ᠤᠯᠤᠰ ᠤᠨ ᠲᠡᠷᠢᠭᠦᠨ ᠳᠤ ᠣᠷᠣᠪᠠ᠃ ᠮᠠᠨ ᠤ ᠣᠷᠣᠨ ᠳᠤ 13.2 ᠳ᠋ᠦᠩᠰᠢᠭᠤᠷ ᠮᠦ ᠨᠤᠲᠤᠭ ᠪᠡᠯᠴᠢᠭᠡᠷ ᠲᠠᠢ᠂ ᠤᠰᠤ ᠠᠷᠪᠢᠯᠠᠵᠤ ᠤᠰᠤᠯᠠᠬᠤ ᠴᠠᠷᠭᠠᠰᠤ ᠪᠤᠯᠤᠨ ᠨᠣᠬᠠᠶ ᠶᠢᠨ ᠬᠤᠰᠢᠭᠤ ᠶᠢᠨ ᠲᠠᠷᠢᠮᠠᠯ ᠤᠨ ᠲᠠᠯᠠᠪᠠᠶ ᠨᠢ 300 ᠭᠠᠷᠤᠶ ᠲᠦᠮᠡᠨ ᠮᠦ ᠳᠤ ᠬᠦᠷᠴᠦ᠂ ᠰᠢᠵᠢᠷ ᠠᠯᠲᠠᠨ ᠲᠠᠯ᠎ᠠ ᠨᠤᠲᠤᠭ ᠤᠨ ᠪᠦᠰᠡ ᠳᠤ ᠣᠷᠣᠰᠢᠵᠤ ᠪᠠᠶᠢᠨ᠎ᠠ᠃ ᠡᠷᠳᠡᠨᠢ ᠰᠢᠰᠢ ᠳᠠᠷᠢᠬᠤ ᠲᠠᠯᠠᠪᠠᠶ ᠨᠢ 5300 ᠭᠠᠷᠤᠶ ᠲᠦᠮᠡᠨ ᠮᠥ ᠪᠤᠢ᠂ ᠡᠭᠦᠨ ᠳᠤ ᠬᠦᠬᠡ ᠳᠠᠷᠤᠰᠢ ᠲᠠᠷᠢᠬᠤ ᠲᠠᠯᠠᠪᠠᠢ ᠨᠢ 1320 ᠲᠦᠮᠡᠨ ᠮᠥ ᠪᠠᠶᠢᠵᠤ᠂ ᠰᠢᠵᠢᠷ ᠠᠯᠲᠠᠨ ᠡᠷᠳᠡᠨᠢ ᠰᠢᠰᠢ ᠶᠢᠨ ᠪᠦᠰᠡ ᠳᠤ ᠣᠷᠣᠰᠢᠵᠤ᠂ ᠣᠷᠣᠨ ᠪᠠᠶᠢᠷᠢ ᠶᠢᠨ ᠳᠠᠪᠠᠭᠤᠯᠢᠭ ᠳᠤᠪᠤᠶᠢᠮ᠎ᠠ ᠪᠠᠶᠢᠨ᠎ᠠ᠃ ᠪᠥᠬᠦ ᠣᠷᠣᠨ ᠳᠤ ᠬᠤᠯᠰᠲ᠋ᠧᠶᠢᠨ᠂ ᠰᠠᠭᠠᠯᠢ ᠶᠢᠨ ᠪᠠ ᠠᠯᠠᠰᠢᠨ ᠳᠤ ᠴᠦᠮ ᠬᠡᠷᠡᠭᠯᠡᠵᠦ ᠪᠣᠯᠬᠤ ᠰᠢᠮᠡᠧᠨ᠋ᠲ᠋ᠠᠯ ᠪᠣᠯᠤᠨ ᠰᠠᠨ ᠾᠧ ᠦᠬᠡᠷ ᠵᠡᠷᠭᠡ ᠠᠳᠠᠯᠢ ᠪᠤᠰᠤ ᠰᠠᠭᠠᠯᠢ ᠶᠢᠨ ᠦᠨᠢᠶᠡᠨ ᠤ ᠡᠭᠦᠯᠳᠡᠷ ᠠᠴᠠ ᠰᠦ ᠶᠢᠨ ᠡᠬᠢ ᠲᠠᠢ ᠪᠠᠶᠢᠵᠤ᠂ ᠬᠠᠮᠤᠭ ᠤᠨ ᠴᠢᠨᠠᠷᠯᠢᠭ ᠰᠦ ᠶᠢ ᠦᠢᠯᠡᠳᠪᠦᠷᠢᠯᠡᠵᠦ ᠳᠡᠶᠢᠯᠦᠨ᠎ᠡ᠃ ᠣᠳᠣᠬᠠᠨ ᠳᠤ ᠪᠦᠬᠦ ᠣᠷᠣᠨ ᠳᠤ ᠨᠢᠭᠡᠨᠲᠡ ᠰᠠᠢ ᠺᠧ ᠰᠢᠩ ᠡᠭᠦᠯᠳᠡᠷ ᠤᠨ ᠦᠢᠯᠡᠰ ᠤᠨ ᠰᠤᠳᠤᠯᠭᠠᠨ ᠤ ᠬᠦᠷᠢᠶᠡᠯᠡᠩ ᠪᠣᠯᠤᠨ ᠤᠯᠤᠰ ᠪᠠ ᠣᠷᠣᠨ ᠨᠤᠲᠤᠭ ᠬᠠᠮᠲᠤᠷᠠᠭᠰᠠᠨ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠬᠤᠷᠴᠢᠨ ᠡᠭᠦᠯᠳᠡᠷ ᠤᠨ ᠦᠢᠯᠡᠰ᠂ ᠰᠠᠨ ᠾᠧ ᠦᠬᠡᠷ ᠤᠨ ᠡᠭᠦᠯᠳᠡᠷ ᠤᠨ ᠨᠡᠶᠢᠲᠡ ᠶᠢᠨ ᠥᠷᠲᠡᠭᠡ ᠶᠢᠨ ᠠᠺᠠᠳᠧᠮᠢᠴᠢ ᠶᠢᠨ ᠠᠵᠢᠯ ᠤᠨ ᠥᠷᠲᠡᠭᠡ ᠶᠢ ᠪᠠᠶᠢᠭᠤᠯᠵᠤ᠂ ᠰᠠᠭᠠᠯᠢ ᠶᠢᠨ ᠦᠨᠢᠶᠡᠨ ᠤ ᠬᠤᠶᠢᠴᠢᠰ ᠢ ᠬᠡᠮᠵᠢᠨ ᠲᠣᠭᠲᠠᠭᠠᠬᠤ ᠲᠥᠪ ᠪᠣᠯᠤᠨ ᠤᠯᠤᠰ ᠤᠨ ᠳᠣᠲᠣᠭᠠᠳᠤ ᠶᠢᠨ ᠣᠷᠦ᠋ᠢᠯᠠᠭᠰᠠᠨ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠪᠠ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠲᠠᠢ ᠪᠠᠶᠢᠵᠤ᠂ ᠮᠣᠯᠧᠺᠦ᠋ᠯ ᠤᠨ ᠡᠭᠦᠯᠳᠡᠷ ᠪᠤᠶᠢᠵᠢᠭᠤᠯᠬᠤ᠂ ᠭᠤᠤᠯ ᠡᠰ ᠤᠨ ᠡᠭᠦᠯᠳᠡᠷ ᠪᠤᠶᠢᠵᠢᠭᠤᠯᠬᠤ᠂ ᠪᠦᠬᠦ ᠭᠧᠨ ᠤ ᠪᠦᠯᠦᠭ ᠤᠨ ᠰᠣᠩᠭᠤᠯᠲᠠ ᠵᠢᠴᠢ ᠪᠡᠯᠭᠡ ᠡᠵᠡᠮᠳᠡᠬᠦ ᠵᠡᠷᠭᠡ ᠮᠡᠷᠭᠡᠵᠢᠯ ᠢ ᠡᠵᠡᠮᠰᠢᠵᠦ᠂ ᠬᠦᠪᠦᠷᠡᠯ ᠢ ᠰᠢᠯᠵᠢᠭᠦᠯᠬᠦ᠂ ᠪᠡᠯᠡᠳᠬᠡᠯ ᠡᠭᠦᠯᠳᠡᠷ ᠤᠨ ᠦᠬᠡᠷ ᠪᠤᠶᠢᠵᠢᠭᠤᠯᠬᠤ ᠳᠤ ᠥᠨᠳᠥᠷ ᠪᠦᠲᠦᠮᠵᠢᠲᠦ ᠦᠷ᠎ᠡ ᠪᠤᠶᠢᠵᠢᠭᠤᠯᠬᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠬᠡᠷ ᠤᠨ ᠲᠡᠵᠢᠭᠡᠪᠦᠷᠢ ᠶᠢᠨ ᠪᠡᠯᠭᠡ ᠡᠵᠡᠮᠳᠡᠬᠦ ᠮᠡᠷᠭᠡᠵᠢᠯ ᠨᠢ ᠤᠯᠤᠰ ᠤᠨ ᠳᠣᠲᠣᠭᠠᠳᠤ ᠭᠠᠳᠠᠭᠠᠳᠤ ᠳᠤ ᠲᠡᠷᠢᠭᠦᠯᠡᠵᠦ᠂ ᠳᠡᠯᠡᠬᠡᠶ ᠶᠢᠨ ᠪᠡᠯᠭᠡ ᠡᠵᠡᠮᠰᠢᠯᠲᠦ ᠢᠴᠡᠭᠡᠯ ᠦᠷ᠎ᠡ ᠶᠢᠨ ᠡᠰ ᠦᠢᠯᠡᠳᠪᠦᠷᠢᠯᠡᠬᠦ ᠬᠤᠶᠠᠳᠤᠭᠠᠷ ᠶᠡᠭᠡ ᠰᠠᠭᠤᠷᠢᠨ ᠭᠠᠵᠠᠷ ᠪᠠᠶᠢᠵᠤ᠂ ᠦᠢᠯᠡᠳᠪᠦᠷᠢᠯᠡᠵᠦ ᠪᠤᠷᠤᠯᠠᠭᠤᠯᠤᠭᠰᠠᠨ ᠬᠡᠮᠵᠢᠶ᠎ᠡ  ᠨᠢ 7 ᠵᠢᠯ ᠳᠠᠷᠠᠭᠠᠯᠠᠨ ᠪᠥᠬᠦ ᠤᠯᠤᠰ ᠲᠤ ᠨᠢᠭᠡᠳᠦᠭᠡᠷ ᠲᠤ ᠣᠷᠣᠵᠤ᠂ ᠰᠢᠨᠵᠢᠯᠡᠭᠡ ᠮᠡᠷᠭᠡᠵᠢᠯ ᠤᠨ ᠳᠠᠪᠠᠭᠤᠯᠢᠭ ᠨᠢ ᠢᠯᠡᠳᠲᠡ ᠪᠠᠶᠢᠨ᠎ᠠ᠃ ᠠᠵᠤ ᠦᠢᠯᠡᠰ ᠤᠨ ᠰᠠᠭᠤᠷᠢ ᠶᠢᠨ ᠳᠠᠪᠠᠭᠤᠯᠢᠭ ᠲᠠᠯ᠎ᠠ ᠪᠠᠷ᠂ ᠨᠢᠭᠡ ᠪᠦᠯᠦᠭ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ᠂ ᠤᠨᠴᠠᠭᠠᠶᠢᠯᠠᠨ ᠢ ᠯᠢ᠂ ᠮᠧᠩ ᠨᠢᠦ ᠮᠠᠰᠢ ᠣᠯᠠᠨ ᠠᠵᠢᠯ ᠲᠥᠷᠥᠯ ᠤᠨ ᠳᠤᠮᠳᠠ ᠨᠢᠭᠡᠳᠦᠭᠡᠷ ᠲᠤ ᠣᠷᠣᠪᠠ᠃ ᠦᠨᠳᠦᠰᠦᠲᠡᠨ ᠤ ᠴᠠᠭᠠᠨ ᠢᠳᠡᠭᠡᠨ ᠤ ᠬᠥᠭᠵᠢᠯᠲᠡ ᠨᠢ ᠨᠡᠯᠢᠶᠡᠳ ᠰᠠᠭᠤᠷᠢ ᠲᠠᠢ᠂ ᠦᠨᠳᠦᠰᠦᠲᠡᠨ ᠤ ᠭᠠᠵᠠᠷ ᠤᠷᠤᠨ ᠤ ᠣᠨᠴᠠᠯᠢᠭ ᠪᠠ ᠳᠠᠪᠠᠭᠤᠯᠢᠭ ᠲᠠᠢ ᠪᠠᠶᠢᠵᠤ᠂ ᠨᠢᠭᠡᠨᠲᠡ ᠵᠣᠬᠢᠬᠤ ᠠᠵᠤ ᠦᠢᠯᠡᠰ ᠤᠨ ᠬᠡᠪᠴᠢᠶ᠎ᠡ ᠲᠠᠢ ᠪᠣᠯᠵᠤ᠂ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃      ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠳᠤ ᠰᠦ ᠴᠠᠭᠠᠨ ᠢᠳᠡᠭᠡᠨ ᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖      ᠯᠢᠦ ᠶᠦᠩ ᡁᠢ᠄ ︽ᠬᠡᠷᠡᠭᠵᠢᠭᠦᠯᠬᠦ ᠰᠠᠨᠠᠯ︾ ᠨᠢ ᠰᠦ ᠴᠠᠭᠠᠨ ᠢᠳᠡᠭᠡᠨ ᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠄ ᠨᠢᠭᠡ ᠳᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠦᠢᠯᠡᠰ ᠢ ᠬᠦᠭᠵᠢᠭᠦᠯᠬᠦ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠶᠠᠳᠠᠭᠤ ᠶᠢ ᠲᠡᠳᠭᠦᠬᠦ ᠰᠠᠭᠤᠷᠢ ᠮᠦᠩᠭᠦ ᠪᠠᠷ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠥᠭᠵᠢᠬᠦ ᠶᠢ ᠭᠤᠣᠯᠳᠠᠯᠭ᠎ᠠ ᠲᠠᠢ ᠲᠤᠰᠠᠯᠠᠨ ᠲᠡᠳᠭᠦᠨ᠎ᠡ᠃ ᠰᠤᠷᠤᠭᠴᠢᠳ ᠤᠨ ᠤᠤᠭᠤᠬᠤ ᠰᠦ ᠶᠢᠨ ᠲᠦᠯᠦᠪᠯᠡᠭᠡ ᠶᠢ ᠬᠡᠷᠡᠭᠵᠢᠭᠦᠯᠦᠨ᠎ᠡ᠃ ᠬᠤᠶᠠᠷ ᠲᠤ᠂ ᠮᠦᠩᠭᠦᠨ ᠭᠦᠢᠯᠭᠡᠭᠡᠨ ᠤ ᠳᠠᠭᠠᠳᠬᠠᠯ ᠤᠨ ᠳᠡᠮᠵᠢᠯᠭᠡ ᠶᠢ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠤᠨᠴᠠᠭᠠᠶᠢᠯᠠᠨ ᠰᠦ ᠴᠠᠭᠠᠨ ᠢᠳᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠤᠬᠢᠷᠠᠭᠤᠯᠭ᠎ᠠ ᠶᠢᠨ ᠵᠢᠭᠡᠯᠡᠯᠭᠡ ᠶᠢ ᠳᠡᠮᠵᠢᠨ᠎ᠡ᠃ ᠭᠤᠷᠪᠠ ᠳᠤ᠂ ᠭᠠᠵᠠᠷ ᠰᠢᠷᠤᠢ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠩᠭᠠᠵᠤ᠂ ᠰᠦ ᠴᠠᠭᠠᠨ ᠢᠳᠡᠭᠡᠨ ᠤ ᠦᠢᠯᠡᠰ ᠤᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠰᠦ ᠴᠠᠭᠠᠨ ᠢᠳᠡᠭᠡᠨ ᠤ ᠦᠢᠯᠡᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠲᠠᠯᠠᠪᠠᠶ ᠵᠢᠴᠢ ᠬᠥᠬᠡ ᠪᠠᠷ ᠳᠠᠷᠤᠰᠢᠭᠤᠯᠬᠤ ᠵᠤᠭᠤᠷᠢ ︵ᠴᠦᠬᠦᠷᠦᠮ︶᠂ ᠡᠪᠡᠰᠦ ᠪᠣᠷᠳᠣᠭᠠᠨ ᠤ ᠲᠠᠯᠠᠪᠠᠶ᠂ ᠮᠠᠰᠢᠨ ᠤ ᠰᠠᠷᠠᠪᠴᠢ ᠵᠡᠷᠭᠡ ᠳᠠᠭᠠᠯᠳᠤᠭᠤᠯᠤᠯ ᠪᠡᠯᠡᠳᠬᠡᠮᠵᠢ ᠳᠤ ᠬᠡᠷᠡᠭᠯᠡᠬᠦ ᠭᠠᠵᠠᠷ᠂ ᠣᠶᠢᠲᠤ ᠭᠠᠵᠠᠷ ᠢ ᠬᠡᠷᠡᠭᠯᠡᠬᠦ ᠲᠠᠯ᠎ᠠ ᠪᠠᠷ ᠬᠢ ᠠᠯᠢ ᠣᠯᠠᠨ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃ ᠳᠥᠷᠪᠡ ᠳᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ︽ᠰᠠᠭᠠᠳ ᠦᠭᠡᠢ︾ ᠨᠡᠪᠲᠡᠷᠡᠬᠦ ᠵᠠᠮ ᠢ ᠪᠠᠶᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠯᠬᠤᠴᠠ ᠶᠢ ᠲᠦᠷᠭᠡᠳᠬᠡᠨ᠎ᠡ᠃ ᠲᠠᠪᠤ ᠳᠤ᠂ ᠰᠦ ᠴᠠᠭᠠᠨ ᠢᠳᠡᠭᠡᠨ ᠤ ᠦᠢᠯᠡᠰ ᠤᠨ ᠶᠠᠰᠤ ᠴᠢᠨᠠᠷ ᠤᠨ ᠠᠮᠦᠷ ᠲᠥᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠴᠠᠭᠠᠨ ᠢᠳᠡᠭᠡᠨ ᠤ ᠦᠢᠯᠡᠳᠪᠦᠷᠢᠯᠡᠯ ᠤᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠠᠭᠠᠨ ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠢ ᠪᠠᠶᠢᠴᠠᠭᠠᠨ ᠬᠡᠮᠵᠢᠬᠦ ᠲᠦᠯᠦᠪᠯᠡᠭᠡ ᠶᠢ ᠬᠡᠷᠡᠭᠵᠢᠭᠦᠯᠵᠦ᠂ ᠬᠠᠤᠯᠢ ᠠᠴᠠ ᠵᠥᠷᠢᠴᠡᠨ ᠨᠡᠮᠡᠯᠲᠡ ᠡᠳ᠋ ᠨᠡᠮᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠯᠭᠠᠬᠤ ᠲᠡᠮᠲᠡᠭ ᠬᠡᠷᠡᠭᠯᠡᠭᠦᠯᠬᠦ ᠳᠦᠷᠢᠮ ᠢ ᠴᠢᠩᠳᠠ ᠬᠢᠨᠠᠯᠲᠠ ᠲᠠᠯᠪᠢᠵᠤ ᠨᠠᠶᠢᠳᠠᠪᠤᠷᠢᠵᠢᠭᠤᠯᠵᠤ᠂ ᠴᠠᠭᠠᠨ ᠢᠳᠡᠭᠡᠨ ᠢ ᠨᠢᠭᠤᠴᠠ ᠪᠠᠷ ᠠᠷᠠᠯᠵᠢᠶᠠᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠵᠢᠷᠭᠤᠭ᠎ᠠ ᠳᠤ᠂ ᠰᠦ ᠴᠠᠭᠠᠨ ᠢᠳᠡᠭᠡᠨ ᠤ ᠬᠥᠭᠵᠢᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠪᠦᠬᠦ ᠲᠠᠯ᠎ᠠ ᠪᠠᠷ ᠦᠷᠨᠢᠨ ᠬᠥᠭᠵᠢᠬᠦ ᠶᠢ ᠲᠦᠯᠬᠢᠨ ᠠᠬᠢᠭᠤᠯᠤᠨ᠎ᠠ᠃      ᠬᠥᠲᠥᠯᠥᠭᠴᠢ᠄ ᠲᠠᠨ ᠤ ᠦᠵᠡᠬᠦ ᠪᠠᠷ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠬᠠᠮᠤᠭ ᠤᠨ ᠭᠤᠤᠯ ᠪᠣᠯᠬᠤ ᠠᠷᠭ᠎ᠠ ᠬᠡᠮᠵᠢᠶ᠎ᠡ ᠨᠢ ᠶᠠᠭᠤ ᠪᠣᠶ︖      ᠯᠢᠦ ᠶᠦᠩ ᡁᠢ᠄ ᠮᠢᠨᠦ ᠦᠵᠡᠬᠦ ᠪᠠᠷ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠪᠤᠯᠤᠨ᠎ᠠ᠃ ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠤᠨ ᠪᠤᠬ᠎ᠠ ᠶᠢᠨ ᠥᠷᠲᠡᠭᠡ ᠬᠢᠭᠡᠳ ᠡᠭᠦᠯᠳᠡᠷ ᠤᠨ ᠡᠬᠡ ᠦᠨᠢᠶᠡᠨ ᠤ ᠲᠠᠯᠠᠪᠠᠢ ᠬᠠᠮᠲᠤᠷᠠᠨ ᠡᠭᠦᠯᠳᠡᠷ ᠪᠤᠶᠢᠵᠢᠭᠤᠯᠬᠤ ᠶᠢ ᠳᠠᠮᠵᠢᠵᠤ᠂ ᠡᠭᠦᠯᠳᠡᠷ ᠪᠤᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯ ᠪᠢᠳᠡᠨ ᠤ ᠰᠦ ᠴᠠᠭᠠᠨ ᠢᠳᠡᠭᠡᠨ ᠤ ᠦᠢᠯᠡᠰ ᠢ ᠦᠷᠨᠢᠭᠦᠯᠦᠨ ᠬᠦᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠰᠠᠭᠠᠯᠢ ᠶᠢᠨ ᠦᠨᠢᠶ᠎ᠡ ᠪᠣᠯᠤᠨ ᠰᠠᠭᠠᠯᠢ ᠶᠢᠨ ᠪᠠ ᠠᠯᠠᠰᠢᠨ ᠳᠤ ᠴᠦᠮ ᠬᠡᠷᠡᠭᠯᠡᠵᠦ ᠪᠣᠯᠬᠤ ᠦᠬᠡᠷ ᠤᠨ ᠡᠭᠦᠯᠳᠡᠷ ᠤᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠡᠭᠦᠯᠳᠡᠷ ᠤᠨ ᠪᠤᠬ᠎ᠠ ᠶᠢ ᠪᠤᠶᠢᠵᠢᠭᠤᠯᠤᠨ ᠭᠠᠷᠭᠠᠬᠤ ᠶᠢᠨ ᠬᠠᠮᠲᠤ ᠬᠢᠨᠠᠨ ᠰᠢᠯᠭᠠᠷᠠᠭᠤᠯᠤᠭᠠᠳ ᠪᠠᠷᠢᠮᠵᠢᠶ᠎ᠠ ᠳᠤ ᠬᠦᠷᠦᠭᠰᠡᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠵᠢᠯ ᠪᠦᠷᠢ ᠳᠤᠮᠳᠠᠴᠢ ᠪᠠᠷ 1000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠳᠤ᠂ ᠴᠢᠨᠠᠷᠯᠢᠭ ᠬᠦᠢᠰᠦ ᠢᠯᠭᠠᠯ ᠢ ᠡᠵᠡᠮᠳᠡᠬᠦ ᠬᠥᠯᠳᠡᠭᠦᠤ ᠦᠷ᠎ᠡ ᠶᠢᠨ ᠡᠰ ᠬᠡᠷᠡᠭᠯᠡᠭᠰᠡᠨ ᠨᠥᠬᠦᠪᠥᠷᠢ ᠦᠭᠴᠦ᠂ ᠡᠬᠡ ᠦᠨᠢᠶ᠎ᠡ ᠶᠢᠨ ᠦᠷᠡᠵᠢᠬᠦ ᠬᠤᠷᠳᠤᠴᠠ ᠶᠢ ᠲᠦᠷᠭᠡᠳᠬᠡᠨ᠂ ᠰᠠᠭᠠᠯᠢ ᠶᠢᠨ ᠦᠨᠢᠶ᠎ᠡ ᠶᠢᠨ ᠰᠦᠷᠦᠭ ᠤᠨ ᠦᠷᠭᠡᠳᠬᠡᠯ ᠢ ᠠᠬᠢᠭᠤᠯᠤᠨ᠎ᠠ᠂ ᠨᠥᠬᠦᠪᠥᠷᠢ ᠥᠭᠬᠦ ᠠᠷᠭ᠎ᠠ ᠮᠠᠶ᠋ᠢᠭ ᠨᠢ ︽ᠤᠷᠢᠳᠠᠪᠠᠷ ᠨᠡᠮᠡᠭᠳᠡᠭᠦᠯᠵᠦ ᠳᠠᠷᠠᠭ᠎ᠠ ᠨᠢ ᠨᠥᠬᠦᠪᠥᠷᠢ ᠦᠭᠭᠦᠨ᠎ᠡ︾᠂ ᠲᠤᠬᠠᠶᠢᠯᠠᠪᠠᠯ ︽ᠬᠦᠢᠰᠦ ᠢᠯᠭᠠᠯ ᠢ ᠡᠵᠡᠮᠳᠡᠬᠦ ᠬᠥᠯᠳᠡᠭᠦᠤ ᠦᠷ᠎ᠡ ᠶᠢᠨ ᠡᠰ ᠤᠨ ᠨᠠᠷᠢᠨ ᠭᠤᠤᠷᠰᠤ᠂ ᠲᠤᠭᠤᠯ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠪᠠ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠢ ᠦᠵᠡᠭᠰᠡᠨ︾ ᠤ ᠳᠠᠷᠠᠭ᠎ᠠ᠂ ᠦᠷᠡᠵᠢᠬᠦ ᠡᠬᠡ ᠦᠨᠢᠶ᠎ᠡ ᠨᠢᠭᠡᠪᠦᠷᠢ ᠳᠤ ᠵᠢᠯ ᠪᠦᠷᠢ 120 ᠲᠥᠭᠦᠷᠢᠭ ᠤᠨ ᠨᠥᠬᠦᠪᠥᠷᠢ ᠦᠭᠭᠦᠨ᠎ᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠳᠤ᠂ ᠰᠠᠭᠠᠯᠢᠴᠢᠳ ᠤᠨ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠭᠠᠳᠠᠭᠠᠳᠤ ᠠᠴᠠ ᠣᠷᠣᠭᠤᠯᠤᠭᠰᠠᠨ ᠰᠢᠯᠢᠳᠡᠭ ᠡᠭᠦᠯᠳᠡᠷ ᠤᠨ ᠡᠬᠡ ᠦᠨᠢᠶ᠎ᠡ ᠳᠤ ᠨᠦᠬᠦᠪᠦᠷᠢ ᠦᠭᠭᠦᠨ᠎ᠡ᠂ ᠨᠥᠬᠦᠪᠥᠷᠢ ᠥᠭᠬᠦ ᠠᠷᠭ᠎ᠠ ᠮᠠᠶ᠋ᠢᠭ ᠨᠢ ᠳᠠᠷᠤᠢ ︽ᠭᠠᠳᠠᠭᠠᠳᠤ ᠠᠴᠠ ᠤᠷᠤᠭᠤᠯᠤᠭᠰᠠᠨ ᠦᠬᠡᠷ᠂ ᠭᠠᠳᠠᠭᠠᠳᠤ ᠠᠴᠠ ᠤᠷᠤᠭᠤᠯᠤᠭᠰᠠᠨ ᠭᠠᠷᠳᠠᠮ᠂ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠤᠳᠤᠮ ᠤᠨ ᠲᠠᠩᠰᠠ ᠡᠪᠬᠡᠮᠡᠯ ᠪᠠ ᠬᠤᠳᠠᠯᠳᠤᠨ ᠠᠪᠤᠭᠴᠢ︾ ᠵᠡᠷᠭᠡ ︽ᠳᠥᠷᠪᠡ ᠶᠢ ᠦᠵᠡᠭᠰᠡᠨ︾ ᠤ ᠳᠠᠷᠠᠭ᠎ᠠ ᠨᠥᠬᠦᠪᠥᠷᠢ ᠥᠭᠴᠦ᠂ ᠭᠠᠳᠠᠭᠠᠳᠤ ᠠᠴᠠ ᠣᠷᠣᠭᠤᠯᠤᠭᠰᠠᠨ ᠰᠢᠯᠢᠳᠡᠭ ᠡᠭᠦᠯᠳᠡᠷ ᠤᠨ ᠡᠬᠡ ᠦᠨᠢᠶ᠎ᠡ ᠪᠦᠷᠢ ᠳᠤ 5000 ᠲᠥᠭᠦᠷᠢᠭ ᠤᠨ ᠨᠥᠬᠦᠪᠥᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ ᠤᠨ ᠨᠥᠬᠦᠪᠥᠷᠢ ᠦᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 ᠲᠥᠭᠦᠷᠢᠭ ᠤᠨ ᠨᠥᠬᠦᠪᠥᠷᠢ ᠦᠭᠭᠦᠨ᠎ᠡ᠃      ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠠᠴᠠ ᠲᠠᠷᠢᠶᠠᠯᠠᠭ᠎ᠠ ᠲᠡᠵᠢᠭᠡᠯᠭᠡ ᠶᠢ ᠤᠶᠠᠯᠳᠤᠭᠤᠯᠬᠤ ᠳᠡᠮᠵᠢᠯᠭᠡ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖      ᠯᠢᠦ ᠶᠦᠩ ᡁᠢ᠄ ᠲᠠᠷᠢᠶᠠᠯᠠᠭ᠎ᠠ ᠲᠡᠵᠢᠭᠡᠯᠭᠡ ᠶᠢ ᠤᠶᠠᠯᠳᠤᠭᠤᠯᠬᠤ ᠳᠡᠮᠵᠢᠯᠭᠡ ᠪᠠᠨ ᠴᠢᠩᠭᠠᠳᠬᠠᠬᠤ ᠲᠠᠯ᠎ᠠ ᠪᠠᠷ ᠮᠠᠨ ᠤ ᠣᠷᠣᠨ ᠠᠴᠠ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠥᠬᠡ ᠳᠠᠷᠣᠰᠢᠨ ᠡᠷᠳᠡᠨᠢ ᠰᠢᠰᠢ᠂ ᠴᠠᠷᠭᠠᠰᠤ ᠵᠡᠷᠭᠡ ᠡᠪᠡᠰᠦ ᠪᠣᠷᠳᠤᠭ᠎ᠠ ᠶᠢ ᠲᠠᠷᠢᠵᠤ ᠬᠤᠷᠢᠶᠠᠨ ᠨᠦᠬᠡᠴᠡᠯᠡᠭᠰᠡᠨ ᠠᠵᠤ ᠠᠬᠤᠶᠢᠯᠠᠯ ᠢ ᠢᠳᠡᠪᠬᠢᠲᠡᠶ ᠲᠡᠳᠬᠦᠨ ᠳᠡᠮᠵᠢᠨ᠎ᠡ᠃ ᠤᠯᠤᠰ ᠤᠨ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠨᠥᠬᠦᠪᠥᠷᠢ ᠶᠢ ᠤᠷᠢᠳᠠᠪᠡᠷ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠣᠯᠤᠨ ᠰᠠᠭᠠᠯᠢᠴᠢᠳ ᠤᠨ ᠬᠤᠷᠰᠢᠶᠠᠵᠢᠯ ᠳᠤ ᠥᠭᠴᠦ᠂ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠬᠠᠮᠤᠷᠤᠭᠳᠠᠭ᠎ᠠ ᠦᠭᠡᠶ ᠪᠤᠰᠤᠳ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠣᠯᠤᠨ ᠰᠠᠭᠠᠯᠢᠴᠢᠳ ᠤᠨ ᠬᠤᠷᠰᠢᠶᠠᠵᠢᠯ ᠳᠤ᠂ ᠡᠪᠡᠰᠦ ᠪᠤᠷᠳᠤᠭ᠎ᠠ ᠬᠤᠷᠢᠶᠠᠨ ᠬᠠᠳᠠᠭᠠᠯᠠᠬᠤ ᠳᠤ ᠲᠣᠨ ᠪᠦᠷᠢ ᠳᠤ 50 ᠲᠥᠭᠦᠷᠢᠭ ᠤᠨ ᠨᠥᠬᠦᠪᠥᠷᠢ ᠦᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ ᠲᠣᠨ ᠪᠦᠷᠢ ᠳᠤ 30 ᠲᠥᠭᠦᠷᠢᠭ ᠤᠨ ᠨᠦᠬᠦᠪᠦᠷᠢ ᠦᠭᠴᠦ᠂ ᠠᠶᠢᠮᠠᠭ ᠬᠤᠲᠠ ᠠᠴᠠ 20 ᠲᠥᠭᠦᠷᠢᠭ ᠨᠦᠬᠦᠪᠦᠷᠢᠯᠡᠵᠦ ᠢᠵᠢ ᠪᠦᠷᠢᠳᠦᠭᠦᠯᠦᠨ᠎ᠡ᠃ ᠴᠢᠨᠠᠷ ᠰᠠᠶᠢᠲᠠᠢ ᠴᠠᠷᠭᠠᠰᠤ ᠶᠢ 500 ᠮᠦ ᠠᠴᠠ ᠳᠡᠭᠡᠭᠰᠢ ᠲᠥᠪᠯᠡᠷᠡᠨ ᠵᠠᠯᠭᠠᠯᠳᠤᠭᠤᠯᠤᠨ ᠲᠠᠷᠢᠵᠤ᠂ ᠤᠰᠤ ᠠᠷᠪᠢᠯᠠᠬᠤ ᠤᠰᠤᠯᠠᠯᠲᠠ ᠪᠠ ᠮᠠᠰᠢᠨᠴᠢᠯᠠᠭᠰᠠᠨ ᠬᠤᠷᠢᠶᠠᠵᠤ ᠬᠠᠳᠠᠭᠠᠯᠠᠬᠤ ᠨᠥᠬᠦᠴᠡᠯ ᠢ ᠪᠦᠷᠢᠯᠳᠦᠭᠦᠯᠦᠭᠰᠡᠨ ᠪᠦᠭᠡᠳ ᠣᠷᠣᠨ ᠤ ᠳᠣᠲᠣᠷᠠᠬᠢ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠯᠦᠭᠡ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠪᠠᠶᠢᠭᠤᠯᠤᠭᠰᠠᠨ ᠲᠠᠷᠢᠶᠠᠯᠠᠬᠤ ᠡᠷᠦᠬᠡ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠦᠬᠡ ᠵᠢᠴᠢ ᠲᠠᠷᠢᠶᠠᠯᠠᠭ᠎ᠠ ᠶᠢᠨ ᠠᠵᠤ ᠠᠬᠤᠶᠢᠯᠠᠯ ᠳᠤ ᠮᠦ ᠪᠦᠷᠢ ᠳᠤ 600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃      ᠬᠥᠲᠥᠯᠥᠭᠴᠢ᠄ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠪᠡᠯᠡᠳᠬᠡᠮᠵᠢ ᠲᠤᠨᠤᠭ ᠲᠥᠬᠦᠭᠡᠷᠦᠮᠵᠢ ᠶᠢᠨ ᠨᠥᠬᠦᠪᠥᠷᠢ ᠮᠦᠩᠭᠦ ᠶᠢ ᠳᠡᠭᠡᠭᠰᠢᠯᠡᠭᠦᠯᠬᠦ ᠲᠠᠯ᠎ᠠ ᠪᠠᠷ᠂ ᠮᠠᠨ ᠤ ᠣᠷᠣᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖      ᠯᠢᠦ ᠶᠦᠩ ᡁᠢ᠄ ᠡᠩ ᠲᠡᠷᠢᠭᠦᠨ ᠳᠤ᠂ ᠲᠠᠷᠢᠶᠠᠯᠠᠩ ᠤᠨ ᠮᠠᠰᠢᠨ ᠤ ᠨᠥᠬᠦᠪᠥᠷᠢ ᠮᠦᠩᠭᠦ ᠶᠢᠨ ᠭᠠᠷᠴᠠᠭ ᠲᠤ ᠲᠣᠬᠢᠷᠠᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠷᠢᠨ ᠬᠤᠯᠢᠮᠠᠭ ᠬᠤᠨᠤᠭ ᠤᠨ ᠪᠤᠷᠳᠤᠭ᠎ᠠ ︵TMR︶ ᠶᠢᠨ ᠲᠥᠬᠦᠭᠡᠷᠦᠮᠵᠢ ᠬᠤᠳᠠᠯᠳᠤᠨ ᠠᠪᠬᠤ ᠵᠢᠴᠢ ᠪᠤᠰᠤᠳ ᠲᠡᠵᠢᠭᠡᠨ ᠦᠷᠡᠵᠢᠭᠦᠯᠬᠦ᠂ ᠡᠪᠡᠰᠦ ᠪᠣᠷᠳᠤᠭ᠎ᠠ ᠬᠤᠷᠢᠶᠠᠵᠤ ᠪᠤᠯᠪᠠᠰᠤᠷᠠᠭᠤᠯᠤᠨ ᠬᠠᠳᠠᠭᠠᠯᠠᠬᠤ ᠮᠠᠰᠢᠨ᠂ ᠢᠯᠭᠠᠳᠠᠰᠤᠨ ᠪᠤᠬᠢᠷᠲᠤᠯ ᠢ ᠰᠢᠢᠳᠪᠦᠷᠢᠯᠡᠬᠦ ᠲᠤᠨᠤᠭ ᠲᠥᠬᠦᠭᠡᠷᠦᠮᠵᠢ ᠮᠠᠰᠢᠨ ᠪᠠᠭᠠᠵᠢ ᠵᠡᠷᠭᠡ ᠪᠥᠬᠦ ᠶᠠᠪᠤᠴᠠ ᠶᠢᠨ ᠮᠠᠰᠢᠨ ᠪᠠᠭᠠᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠭᠠᠷᠴᠠᠭ ᠤᠨ ᠬᠡᠪᠴᠢᠶᠡᠨ ᠳᠤ ᠣᠷᠣᠭᠤᠯᠵᠤ᠂ ᠴᠢᠯᠥᠭᠡᠲᠡᠶ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠮᠠᠨ ᠤ ᠣᠷᠣᠨ ᠰᠦ ᠰᠠᠭᠠᠬᠤ ᠮᠠᠰᠢᠨ ᠮᠧᠬᠠᠨᠢᠭ ᠤᠨ ᠲᠠᠩ ᠮᠠᠰᠢᠨ ᠤ ᠬᠠᠮᠤᠭ ᠤᠨ ᠥᠨᠳᠥᠷ ᠨᠦᠬᠦᠪᠦᠷᠢ ᠦᠭᠬᠦ ᠲᠤᠭ᠎ᠠ ᠶᠢ 12 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠥᠬᠡ ᠳᠠᠷᠤᠰᠢ ᠬᠤᠷᠢᠶᠠᠬᠤ ᠮᠠᠰᠢᠨ ᠪᠠᠭᠠᠵᠢ ᠶᠢᠨ ᠲᠠᠩ ᠮᠠᠰᠢᠨ ᠤ ᠬᠠᠮᠤᠭ ᠤᠨ ᠥᠨᠳᠥᠷ ᠨᠥᠬᠦᠪᠥᠷᠢ ᠦᠭᠬᠦ ᠲᠤᠭ᠎ᠠ ᠶᠢ 15 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠯᠢ ᠶᠢᠨ ᠮᠠᠯ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠰᠠᠭᠠᠯᠢᠴᠢᠳ ᠤᠨ ᠬᠤᠷᠰᠢᠶᠠᠵᠢᠯ ᠤᠨ ᠮᠠᠯ ᠠᠵᠤ ᠠᠬᠤᠶ ᠶᠢᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠥᠷᠢ ᠥᠭᠬᠦ ᠪᠠᠷᠢᠮᠵᠢᠶ᠎ᠠ ᠶᠢ ᠲᠥᠪ ᠤᠨ ᠡᠳ᠋ ᠤᠨ ᠵᠠᠰᠠᠭ ᠠᠴᠠ 30% ᠶᠢ ᠨᠢ ᠨᠦᠬᠦᠪᠦᠷᠢᠯᠡᠬᠦ ᠰᠠᠭᠤᠷᠢᠨ ᠳᠡᠭᠡᠷ᠎ᠡ᠂ ᠨᠦᠬᠦᠪᠦᠷᠢ ᠮᠦᠩᠭᠦ ᠶᠢ 50% ᠪᠣᠯᠲᠠᠯ᠎ᠠ ᠳᠡᠭᠡᠭᠰᠢᠯᠡᠭᠦᠯᠵᠦ᠂ ᠮᠠᠯᠵᠢᠬᠤ ᠣᠷᠣᠨ ᠤ ᠰᠦ ᠰᠠᠭᠠᠬᠤ ᠮᠠᠰᠢᠨ ᠪᠠ ᠬᠦᠬᠡ ᠳᠠᠷᠤᠰᠢ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠤ ᠬᠠᠮᠤᠭ ᠤᠨ ᠥᠨᠳᠥᠷ ᠨᠥᠬᠦᠪᠥᠷᠢ ᠦᠭᠬᠦ ᠲᠤᠭ᠎ᠠ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃      ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠲᠠᠰ ᠳᠡᠪᠰᠢᠭᠦᠯᠬᠦ ᠶᠢ ᠬᠡᠷᠬᠢᠨ ᠲᠦᠯᠬᠢᠨ ᠠᠬᠢᠭᠤᠯᠬᠤ ᠪᠣᠶ︖      ᠯᠢᠦ ᠶᠦᠩ ᡁᠢ᠄ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠪᠠᠯᠠ ᠮᠥᠩᠭᠦ ᠳᠣᠭᠢᠷᠠᠭᠤᠯᠵᠤ᠂ ᠤᠯᠤᠰ ᠤᠨ ᠳᠤᠮᠳᠠ ᠵᠢᠵᠢᠭ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ ᠰᠠᠶᠢᠵᠢᠷᠠᠭᠤᠯᠤᠨ ᠥᠭᠡᠷᠡᠴᠢᠯᠡᠬᠦ ᠲᠥᠷᠥᠯ ᠵᠦᠢᠯ ᠤᠨ ᠪᠠᠯᠠ ᠮᠥᠩᠭᠦ ᠲᠠᠢ ᠢᠵᠢ ᠪᠥᠷᠢᠳᠦᠭᠦᠯᠦᠨ ᠬᠡᠷᠡᠭᠯᠡᠵᠦ᠂ ᠵᠤᠭᠰᠤᠭ᠎ᠠ ᠮᠠᠯ ᠤᠨ ᠲᠤᠭ᠎ᠠ ᠨᠢ 50 ᠲᠣᠯᠣᠭᠠᠶ ᠠᠴᠠ 800 ᠲᠣᠯᠣᠭᠠᠶ ᠶᠢᠨ ᠬᠤᠭᠤᠷᠣᠨᠳᠣ ᠪᠠᠶᠢᠭ᠎ᠠ ᠰᠠᠭᠠᠯᠢ ᠶᠢᠨ ᠮᠠᠯ ᠤᠨ ᠬᠡᠷ ᠪᠦᠯᠢ ᠶᠢᠨ ᠮᠠᠯᠵᠢᠯ ᠤᠨ ᠲᠠᠯᠠᠪᠠᠶ ᠪᠣᠯᠤᠨ ᠰᠠᠭᠠᠯᠢᠴᠢᠳ ᠤᠨ ᠬᠤᠷᠰᠢᠶᠠᠵᠢᠯ ᠢ ᠦᠭᠡᠷᠡᠴᠢᠯᠡᠨ ᠰᠠᠶᠢᠵᠢᠷᠠᠭᠤᠯᠤᠨ᠎ᠠ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ ᠠᠷᠭ᠎ᠠ ᠬᠡᠯᠪᠡᠷᠢ ᠶᠢ ᠠᠪᠴᠤ᠂ ᠳᠤᠮᠳᠠ ᠵᠢᠵᠢᠭ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠨᠢᠭᠡᠪᠦᠷᠢ ᠶᠢ ᠰᠠᠶᠢᠵᠢᠷᠠᠭᠤᠯᠤᠨ ᠥᠭᠡᠷᠡᠴᠢᠯᠡᠬᠦ ᠲᠥᠷᠥᠯ ᠵᠦᠢᠯ ᠳᠤ ᠳᠤᠮᠳᠠᠴᠢ ᠪᠠᠷ 60 ᠲᠦᠮᠡᠨ ᠲᠥᠭᠦᠷᠢᠭ ᠨᠥᠬᠦᠪᠥᠷᠢᠯᠡᠬᠦ ᠪᠣᠯᠤᠨ᠎ᠠ᠂ ᠡᠭᠦᠨ ᠳᠤ᠂ ᠲᠥᠪ ᠵᠢᠴᠢ ᠥᠪᠡᠷᠲᠡᠭᠡᠨ ᠵᠠᠰᠠᠬᠤ ᠣᠷᠣᠨ 80% ᠪᠠᠷ ᠨᠥᠬᠦᠪᠥᠷᠢ ᠥᠭᠴᠦ᠂ ᠠᠶᠢᠮᠠᠭ ᠬᠤᠲᠠ 20% ᠪᠠᠷ ᠨᠦᠬᠦᠪᠦᠷᠢᠯᠡᠵᠦ ᠢᠵᠢ ᠪᠦᠷᠢᠳᠦᠭᠦᠯᠦᠨ᠎ᠡ᠂ ᠨᠥᠬᠦᠪᠥᠷᠢ ᠶᠢᠨ ᠪᠡᠯᠡ ᠮᠥᠩᠭᠦ ᠶᠢ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ᠂ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠵᠦ ᠪᠣᠯᠪᠠᠰᠤᠷᠠᠭᠤᠯᠬᠤ᠂ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠥᠪᠡᠷ ᠢᠶᠠᠨ ᠡᠷᠬᠢᠯᠡᠭᠰᠡᠨ ᠳᠤᠮᠳᠠ ᠵᠢᠵᠢᠭ ᠬᠡᠯᠪᠡᠷᠢ ᠶᠢᠨ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠵᠡᠷᠭᠡ ᠳᠤ ᠬᠡᠷᠡᠭᠯᠡᠨ᠎ᠡ᠃      ᠬᠥᠲᠥᠯᠥᠭᠴᠢ᠄ ᠲᠠ ᠰᠠᠶ᠋ᠢ ᠣᠳᠣᠬᠠᠨ ᠳᠤ ᠮᠠᠨ ᠤ ᠣᠷᠣᠨ ᠤ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠡᠳ᠋ᠰᠢᠭᠦᠯᠬᠦ ᠦᠢᠯᠡᠰ ᠤᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠨ᠎ᠠ ᠭᠡᠵᠡᠢ᠂ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠡᠳᠡᠭᠡᠷ ᠠᠵᠤ ᠠᠬᠤᠶᠢᠯᠠᠯ ᠤᠨ ᠬᠥᠭᠵᠢᠯᠲᠡ ᠶᠢ ᠬᠡᠷᠬᠢᠨ ᠲᠡᠳᠬᠦᠬᠦ ᠪᠣᠶ︖      ᠯᠢᠦ ᠶᠦᠩ ᡁᠢ᠄ ᠮᠠᠨ ᠤ ᠣᠷᠣᠨ ᠤ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠨᠢ ᠥᠨᠢ ᠤᠳᠠᠭᠠᠨ ᠲᠡᠤᠬᠡ ᠲᠠᠢ᠂ ᠭᠠᠷ ᠤᠷᠠᠯᠠᠯ ᠨᠢ ᠥᠪᠡᠷᠮᠢᠴᠡ ᠣᠨᠴᠠᠯᠢᠭ ᠲᠠᠢ᠂ ᠦᠨᠦᠷ ᠠᠮᠲᠠ ᠨᠢ ᠰᠣᠷᠭᠤᠭ ᠰᠠᠶᠢᠬᠠᠨ ᠪᠠᠶᠢᠵᠤ᠂ ᠰᠣᠶᠣᠯ ᠵᠢᠭᠤᠯᠴᠢᠯᠠᠯ ᠤᠨ ᠶᠡᠭᠡ ᠬᠦᠭᠵᠢᠯᠲᠡ ᠪᠠ ᠬᠡᠷᠡᠭᠯᠡᠭᠴᠢᠳ ᠤᠨ ᠢᠳᠡᠭᠡᠨ ᠤᠮᠳᠠᠭᠠᠨ ᠤ ᠪᠦᠲᠦᠴᠡ ᠶᠢᠨ ᠰᠠᠶᠢᠵᠢᠷᠠᠬᠤ ᠶᠢ ᠳᠠᠭᠠᠯᠳᠤᠨ᠂ ᠣᠶᠢᠷ᠎ᠠ ᠶᠢᠨ ᠵᠢᠯ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠵᠦ᠂ ᠦᠨᠳᠦᠰᠦᠲᠡᠨ ᠤ ᠴᠠᠭᠠᠨ ᠢᠳᠡᠭᠡᠨ ᠨᠢ ᠮᠠᠰᠢ ᠰᠠᠶᠢᠨ ᠬᠥᠭᠵᠢᠯᠲᠡ ᠶᠢᠨ ᠢᠷᠡᠭᠡᠳᠦᠶ ᠪᠠᠨ ᠤᠭᠲᠤᠨ ᠠᠪᠴᠢᠷᠠᠪᠠ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠦᠢᠯᠡᠰ ᠢ ᠶᠡᠬᠡᠪᠡᠷ ᠬᠥᠭᠵᠢᠭᠦᠯᠬᠦ ᠪᠣᠯ ᠮᠠᠨ ᠤ ᠣᠷᠣᠨ ᠤ ᠰᠦ ᠴᠠᠭᠠᠨ ᠢᠳᠡᠭᠡᠨ ᠤ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠨᠢ ᠮᠥᠨ ᠭᠡᠵᠦ ᠬᠡᠯᠡᠵᠦ ᠪᠣᠯᠤᠨ᠎ᠠ᠃ ᠡᠨᠡ ᠵᠢᠯ᠂ ᠮᠠᠨ ᠤ ᠣᠷᠣᠨ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢ ᠪᠠᠷᠢᠮᠵᠢᠶᠠᠵᠢᠭᠤᠯᠤᠨ ᠦᠭᠡᠷᠡᠴᠢᠯᠡᠨ ᠰᠠᠶᠢᠵᠢᠷᠠᠭᠤᠯᠬᠤ ᠲᠤᠷᠰᠢᠯᠲᠠ ᠶᠢᠨ ᠴᠡᠭ ᠲᠤ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠯᠪᠡᠷᠢ ᠶᠢ ᠠᠪᠴᠤ᠂ ᠲᠤᠷᠰᠢᠯᠲᠠ ᠶᠢᠨ ᠲᠥᠷᠥᠯ ᠵᠦᠢᠯ ᠨᠢᠭᠡᠪᠦᠷᠢ ᠳᠤ ᠳᠤᠮᠳᠠᠴᠢ ᠪᠠᠷ 50 ᠲᠦᠮᠡᠨ ᠲᠥᠭᠦᠷᠢᠭ ᠨᠥᠬᠦᠪᠥᠷᠢᠯᠡᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 60% ᠶᠢᠨ ᠨᠥᠬᠦᠪᠥᠷᠢ ᠥᠭᠴᠦ᠂ ᠠᠶᠢᠮᠠᠭ ᠬᠤᠲᠠ ᠠᠴᠠ 40% ᠨᠦᠬᠦᠪᠦᠷᠢᠯᠡᠵᠦ ᠢᠵᠢ ᠪᠦᠷᠢᠳᠦᠭᠦᠯᠦᠨ᠎ᠡ᠃ ᠨᠥᠬᠦᠪᠥᠷᠢ ᠶᠢᠨ ᠪᠡᠯᠡ ᠮᠥᠩᠭᠦ ᠶᠢ ᠦᠢᠯᠡᠳᠪᠦᠷᠢᠯᠡᠯ ᠤᠨ ᠪᠡᠯᠡᠳᠬᠡᠮᠵᠢ᠂ ᠪᠣᠯᠪᠠᠰᠤᠷᠠᠭᠤᠯᠤᠨ ᠦᠢᠯᠡᠳᠬᠦ᠂ ᠬᠦᠢᠳᠡᠨ ᠬᠡᠯᠬᠢᠶᠡᠲᠦ ᠲᠡᠭᠡᠭᠡᠪᠦᠷᠢ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠳᠤ ᠬᠡᠷᠡᠭᠯᠡᠵᠦ᠂ ᠦᠨᠳᠦᠰᠦᠲᠡᠨ ᠤ ᠣᠨᠴᠠᠯᠢᠭ ᠪᠦᠬᠦᠢ ᠴᠠᠭᠠᠨ ᠢᠳᠡᠭᠡ ᠪᠣᠯᠪᠠᠰᠤᠷᠠᠭᠤᠯᠬᠤ ᠶᠢ ᠪᠠᠷᠢᠮᠵᠢᠶᠠᠵᠢᠭᠤᠯᠤᠨ ᠥᠭᠡᠷᠡᠴᠢᠯᠡᠨ ᠰᠠᠶᠢᠵᠢᠷᠠᠭᠤᠯᠵᠤ ᠶᠢ ᠲᠦᠯᠬᠢᠨ ᠠᠬᠢᠭᠤᠯᠵᠤ᠂ ᠦᠢᠯᠡᠳᠬᠦᠨ ᠤ ᠶᠠᠰᠤ ᠴᠢᠨᠠᠷ ᠨᠢ ᠰᠢᠯᠢᠳᠡᠭ᠂ ᠰᠣᠶᠣᠯ ᠤᠨ ᠣᠨᠴᠠᠯᠢᠭ ᠢᠶᠠᠷ ᠥᠳᠬᠡᠨ᠂ ᠨᠡᠷᠡᠲᠦ ᠲᠡᠮᠳᠡᠭ ᠤᠨ ᠢᠲᠡᠭᠡᠮᠵᠢ ᠪᠠᠷ ᠥᠨᠳᠥᠷ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠠᠭᠤᠯᠬᠤ ᠨᠢᠭᠡ ᠪᠦᠯᠦᠭ ᠦᠢᠯᠡᠳᠪᠦᠷᠢ ᠶᠢᠨ ᠴᠡᠭ ᠢ ᠪᠤᠶᠢᠵᠢᠭᠤᠯᠤᠨ᠎ᠠ᠃ ᠡᠭᠦᠨ ᠤ ᠬᠠᠮᠲᠤ᠂ ᠮᠠᠨ ᠤ ᠣᠷᠣᠨ ᠨᠥᠬᠦᠴᠡᠯ ᠲᠠᠢ ᠭᠠᠵᠠᠷ ᠣᠷᠣᠨ ᠳᠤ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠠᠶᠢᠭᠤᠯᠵᠤ᠂ ᠵᠢᠵᠢᠭ ᠦᠢᠯᠡᠳᠭᠡᠯ ᠤᠨ ᠦᠢᠯᠡᠳᠪᠦᠷᠢᠯᠡᠯ ᠢ ︽ᠪᠠᠭ᠎ᠠ ᠲᠠᠷᠠᠬᠠᠶ ᠳᠣᠤᠷ᠎ᠠ᠂ ᠪᠤᠵᠠᠷ ᠰᠠᠮᠠᠭᠤᠨ ᠪᠠᠷᠤᠭᠲᠠᠶ︾ ᠪᠠᠶᠢᠭᠰᠠᠨ ᠠᠴᠠ ︽ᠵᠢᠵᠢᠭ ᠨᠠᠷᠢᠯᠢᠭ ᠤᠬᠢ᠂ ᠨᠡᠷᠡᠲᠦ ᠣᠨᠴᠠ ᠰᠢᠯᠢᠳᠡᠭ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ᠂ ᠦᠢᠯᠡᠳᠬᠦᠨ ᠤ ᠶᠠᠰᠤ ᠴᠢᠨᠠᠷ ᠰᠢᠯᠢᠳᠡᠭ᠂ ᠰᠣᠶᠣᠯ ᠤᠨ ᠣᠨᠴᠠᠯᠢᠭ ᠦᠳᠭᠡᠨ᠂ ᠨᠡᠷᠡᠲᠦ ᠲᠡᠮᠳᠡᠭ ᠤᠨ ᠢᠲᠡᠭᠡᠯ ᠥᠨᠳᠥᠷ ᠨᠢᠭᠡ ᠪᠦᠯᠦᠭ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠢᠯᠡᠳᠭᠡᠯ ᠢ ᠪᠤᠶᠢᠵᠢᠭᠤᠯᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ᠂ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠵᠡᠷᠭᠡ ᠶᠢᠰᠦᠨ ᠶᠠᠮᠤᠨ ᠵᠥᠪᠯᠡᠯ ᠤᠨ ︽ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠤᠳ︾ ᠢ ᠨᠠᠶᠢᠳᠠᠪᠤᠷᠢᠵᠢᠭᠤᠯᠤᠨ᠎ᠠ᠃ ᠴᠠᠭᠠᠨ ᠢᠳᠡᠭᠡ ᠪᠣᠯᠪᠠᠰᠤᠷᠠᠭᠤᠯᠬᠤ ᠪᠠᠶᠢᠷᠢᠯᠠᠭᠤᠯᠤᠯᠲᠠ ᠶᠢᠨ ᠦᠷᠭᠡᠴᠡ ᠪᠣᠯᠤᠨ ᠡᠳᠦᠷ ᠤᠨ ᠰᠢᠢᠳᠪᠦᠷᠢᠯᠡᠬᠦ ᠴᠢᠳᠠᠪᠤᠷᠢ ᠶᠢᠨ ᠬᠢᠵᠠᠭᠠᠷᠯᠠᠯ ᠢ ᠠᠭᠤᠵᠢᠭᠤ ᠲᠠᠯᠪᠢᠵᠤ᠂ ᠥᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠦᠭᠰᠡᠨ ᠤ ᠳᠠᠷᠠᠭ᠎ᠠ ᠢᠳᠡᠭᠡᠨ ᠤ ᠵᠦᠢᠯ ᠦᠢᠯᠡᠳᠪᠦᠷᠢᠯᠡᠬᠦ ᠨᠥᠬᠦᠴᠡᠯ ᠳᠤ ᠬᠦᠷᠦᠭᠰᠡᠨ ᠦᠨᠳᠦᠰᠦᠲᠡᠨ ᠤ ᠴᠠᠭᠠᠨ ᠢᠳᠡᠭᠡᠨ ᠤ ᠦᠢᠯᠡᠳᠭᠡᠯ᠂ ︽ᠥᠪᠥᠷ ᠮᠣᠩᠭᠤᠯ ᠤᠨ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠬᠢᠨᠠᠨ ᠪᠠᠶᠢᠴᠠᠭᠠᠬᠤ ᠨᠠᠷᠢᠨ ᠲᠦᠷᠢᠮ ︵2015 ᠣᠨ ᠤ ᠬᠡᠪᠯᠡᠯ︶︾ ᠪᠠ ︽ᠲᠦᠭᠦᠬᠡᠶ ᠰᠦ ᠪᠠᠷ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠬᠢᠬᠦ ᠦᠢᠯᠡᠳᠪᠦᠷᠢᠯᠡᠯ ᠤᠨ ᠵᠥᠪᠰᠢᠶᠡᠷᠡᠯ ᠤᠨ ᠬᠢᠨᠠᠨ ᠪᠠᠶᠢᠴᠠᠭᠠᠬᠤ ᠨᠠᠷᠢᠨ ᠲᠦᠷᠢᠮ ︵2018 ᠣᠨ ᠤ ᠬᠡᠪᠯᠡᠯ︶︾ ᠤᠨ ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠢᠳᠡᠭᠡᠨ ᠤ ᠵᠦᠢᠯ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠤᠨ᠎ᠠ︔ ᠢᠳᠡᠭᠡᠨ ᠤ ᠵᠦᠢᠯ ᠦᠢᠯᠡᠳᠪᠦᠷᠢᠯᠡᠬᠦ ᠵᠥᠪᠰᠢᠶᠡᠷᠡᠯ ᠤᠨ ᠨᠥᠬᠦᠴᠡᠯ ᠳᠤ ᠲᠦᠷ ᠴᠠᠭ ᠨᠡᠶᠢᠴᠡᠬᠦ ᠦᠭᠡᠶ ᠪᠠᠶᠢᠬᠤ ᠦᠢᠯᠡᠳᠭᠡᠯ ᠢ ᠴᠦ ᠪᠦᠬᠦᠨ ᠢ ᠢᠳᠡᠭᠡᠨ ᠤ ᠵᠦᠢᠯ ᠦᠢᠯᠡᠳᠪᠦᠷᠢᠯᠡᠬᠦ ᠵᠢᠵᠢᠭ ᠦᠢᠯᠡᠳᠭᠡᠯ ᠤᠨ ᠳᠠᠩᠰᠠᠯᠠᠨ ᠬᠠᠮᠢᠶᠠᠷᠤᠯᠲᠠ ᠳᠤ ᠣᠷᠣᠭᠤᠯᠵᠤ᠂ ᠦᠨᠳᠦᠰᠦᠲᠡᠨ ᠤ ᠴᠠᠭᠠᠨ ᠢᠳᠡᠭᠡᠨ ᠤ ᠪᠦᠬᠦ ᠦᠢᠯᠡᠳᠪᠦᠷᠢ ᠶᠢ ᠵᠢᠷᠤᠮᠵᠢᠭᠰᠠᠨ ᠬᠠᠮᠢᠶᠠᠷᠤᠯᠲᠠ ᠳᠤ ᠤᠷᠤᠭᠤᠯᠵᠤ᠂ ᠬᠤᠳᠠᠯ ᠬᠠᠭᠤᠷᠮᠠᠭ ᠶᠠᠭᠤᠮ᠎ᠠ ᠬᠤᠯᠢᠵᠤ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠤᠨ ᠦᠨᠳᠦᠰᠦᠲᠡᠨ ᠤ ᠴᠠᠭᠠᠨ ᠢᠳᠡᠭᠡᠨ ᠤ ᠪᠦᠲᠦᠭᠡᠭᠳᠡᠭᠦᠨ ᠦᠢᠯᠡᠳᠪᠦᠷᠢᠯᠡᠬᠦ ᠶᠢ ᠵᠤᠷᠢᠭᠵᠢᠭᠤᠯᠵᠤ᠂ ᠦᠨᠳᠦᠰᠦᠲᠡᠨ ᠤ ᠴᠠᠭᠠᠨ ᠢᠳᠡᠭᠡᠨ ᠪᠣᠯᠪᠠᠰᠤᠷᠠᠭᠤᠯᠬᠤ ᠶᠢᠨ ᠵᠡᠷᠭᠡ ᠲᠠᠰ ᠳᠡᠪᠰᠢᠭᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠦᠭᠦᠬᠡᠢ ᠰᠦ ᠶᠢᠨ ᠪᠠᠭᠠᠷ﹀ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠠᠯᠢ ᠲᠦᠷᠭᠡᠨ ᠢᠶᠠᠷ ᠵᠠᠰᠠᠪᠤᠷᠢ ᠣᠷᠣᠭᠤᠯᠵᠣ᠂ ᠪᠠ ᠫᠠᠰᠲ᠋ᠧᠦ᠋ᠷ ᠤᠨ ᠰᠦ ᠶᠢᠨ ᠦᠢᠯᠡᠳᠪᠦᠷᠢᠯᠡᠯ ᠳᠤ ᠵᠥᠪᠰᠢᠶᠡᠷᠡᠯ ᠤᠨ ᠦᠨᠡᠮᠯᠡᠯ ᠣᠯᠭᠤᠵᠤ᠂ ᠳᠣᠤᠷ᠎ᠠ ᠳᠤᠯᠠᠭᠠᠨᠲᠤ ᠰᠦᠨ ᠪᠦᠲᠦᠭᠡᠭᠳᠡᠬᠦᠨ ᠤ ᠬᠥᠭᠵᠢᠯᠲᠡ ᠶᠢ ᠲᠦᠯᠬᠢᠨ ᠠᠬᠢᠭᠤᠯᠤᠨ᠎ᠠ᠃      ᠬᠥᠲᠥᠯᠥᠭᠴᠢ᠄ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠪᠠᠯᠠ ᠣᠷᠣᠭᠤᠯᠤᠯᠲᠠ ᠨᠡᠯᠢᠶᠡᠳ ᠶᠡᠭᠡ ᠪᠠᠶᠢᠨ᠎ᠠ᠂ ᠮᠠᠨ ᠤ ᠣᠷᠣᠨ ᠭᠠᠵᠠᠷ ᠬᠡᠷᠡᠭᠯᠡᠬᠦ ᠪᠠ ᠮᠥᠩᠭᠦᠨ ᠭᠦᠢᠯᠭᠡᠭᠡᠨ ᠤ ᠲᠠᠯ᠎ᠠ ᠪᠠᠷ ᠡᠲᠡᠭᠡᠷ ᠠᠵᠤ ᠠᠬᠤᠶᠢᠯᠠᠯ ᠳᠤ ᠶᠠᠮᠠᠷ ᠶᠠᠮᠠᠷ ᠳᠡᠮᠵᠢᠯᠭᠡ ᠬᠠᠩᠭᠠᠬᠤ ᠪᠣᠶ︖      ᠯᠢᠦ ᠶᠦᠩ ᡁᠢ᠄ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠦᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠶᠣᠰᠣᠭᠠᠷ ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠭᠡᠯ ᠬᠢᠬᠦ ᠴᠢᠬᠤᠯᠠ ᠥᠬᠡᠶ᠂ ᠡᠭᠦᠷᠢᠲᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠬᠦ ᠥᠬᠡᠶ ᠪᠠᠶᠢᠬᠤ ᠤᠷᠢᠲᠠᠯ ᠳᠣᠤᠷ᠎ᠠ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠡᠩ ᠤᠨ ᠲᠠᠷᠢᠶᠠᠨ ᠭᠠᠵᠠᠷ ᠬᠡᠷᠡᠭᠯᠡᠬᠦ ᠶᠢ ᠵᠥᠪᠰᠢᠶᠡᠷᠡᠵᠦ᠂ ᠲᠡᠵᠢᠭᠡᠨ ᠦᠷᠡᠵᠢᠭᠦᠯᠬᠦ ᠬᠡᠷᠡᠭᠴᠡᠭᠡ ᠪᠤᠯᠤᠭᠰᠠᠨ ᠤ ᠬᠤᠪᠢ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠬᠡᠷᠡᠭ ᠥᠬᠡᠶ᠃ ᠡᠭᠦᠨ ᠤ ᠬᠠᠮᠲᠤ᠂ ᠪᠢᠳᠡ ᠪᠠᠰᠠ ᠮᠠᠯᠴᠢᠨ ᠲᠠᠷᠢᠶᠠᠴᠢᠨ ᠤ ᠣᠶᠢᠵᠢᠭᠤᠯᠬᠤ ᠳᠤ ᠲᠣᠬᠢᠷᠠᠮᠵᠢᠲᠠᠶ ᠭᠠᠵᠠᠷ᠂ ᠠᠭᠯᠠᠭ ᠠᠭᠤᠯᠠ᠂ ᠲᠠᠴᠢᠷ ᠭᠤᠤ᠂ ᠬᠠᠯᠴᠠᠭᠠᠶ ᠲᠣᠪᠤ᠂ ᠡᠵᠡᠭᠦᠶ ᠲᠠᠩ ᠵᠢᠴᠢ ᠬᠥᠳᠡᠭᠡ ᠲᠣᠰᠬᠤᠨ ᠤ ᠬᠠᠮᠲᠤ ᠨᠡᠶᠢᠲᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠨ ᠰᠠᠭᠠᠯᠢ ᠶᠢᠨ ᠮᠠᠯ ᠤᠨ ᠦᠢᠯᠡᠳᠪᠦᠷᠢᠯᠡᠯ ᠢ ᠳᠣᠭᠢᠷᠠᠭᠤᠯᠬᠤ ᠶᠢ ᠵᠤᠷᠢᠭᠵᠢᠭᠤᠯᠤᠨ᠎ᠠ᠃ ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠬᠠᠰᠢᠶ᠎ᠠ ᠰᠠᠷᠠᠪᠴᠢ᠂ ᠲᠠᠯᠠᠪᠠᠢ ᠲᠤᠭᠤᠷᠢᠭ ᠤᠨ ᠳᠣᠲᠣᠷᠠᠬᠢ ᠨᠡᠪᠲᠡᠷᠡᠬᠦ ᠵᠠᠮ ᠵᠢᠴᠢ ᠨᠣᠭᠤᠭᠠᠷᠠᠭᠤᠯᠤᠯᠲᠠ ᠶᠢᠨ ᠲᠤᠰᠠᠭᠠᠷᠯᠠᠬᠤ ᠪᠦᠰᠡ ᠵᠡᠷᠭᠡ ᠦᠢᠯᠡᠳᠪᠦᠷᠢᠯᠡᠯ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠲᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠨᠢ ᠦᠨᠳᠦᠰᠦᠯᠡᠨ ᠳᠠᠭᠠᠯᠲᠠ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠬᠡᠪᠴᠢᠶ᠎ᠡ ᠶᠢ ᠨᠡᠮᠡᠭᠳᠡᠭᠦᠯᠦᠨ᠂ 15 ᠮᠤ᠋ ᠶᠢᠨ ᠳᠡᠭᠡᠳᠦ ᠬᠢᠵᠠᠭᠠᠷ ᠤᠨ ᠲᠣᠭᠲᠠᠭᠠᠯ ᠢ ᠬᠦᠴᠦᠨ ᠦᠭᠡᠢ ᠪᠣᠯᠭᠠᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ ᠵᠥᠪᠳᠡᠯᠴᠡᠬᠦ ᠶᠢᠨ ᠬᠠᠮᠲᠤ ᠭᠠᠵᠠᠷ ᠬᠡᠷᠡᠭᠯᠡᠬᠦ ᠬᠡᠯᠡᠯᠴᠡᠭᠡᠷ ᠲᠤᠭᠲᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠡᠷᠡᠭᠯᠡᠬᠦ ᠭᠠᠵᠠᠷ ᠣᠯᠵᠤ ᠪᠣᠯᠤᠨ᠎ᠠ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ᠂ ᠮᠠᠨ ᠤ ᠣᠷᠣᠨ ᠰᠠᠭᠠᠯᠢ ᠶᠢᠨ ᠮᠠᠯ ᠤᠨ ᠠᠮᠢᠳᠤ ᠴᠣᠭᠴᠠ᠂ ᠪᠠᠷᠢᠴᠠᠭᠠᠯᠠᠬᠤ ᠡᠷᠬᠡ ᠶᠢᠨ ᠬᠠᠷᠢᠶ᠎ᠠ ᠱᠠᠭᠠᠷᠳᠠᠯᠭ᠎ᠠ ᠳᠤ ᠨᠡᠶᠢᠴᠡᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠪᠠᠷᠢᠴᠠᠭᠠᠲᠤ ᠡᠳ᠋ ᠪᠣᠯᠭᠠᠭᠰᠠᠨ ᠪᠠᠷᠢᠴᠠᠭᠠᠲᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠭᠦᠯᠵᠦ᠂ ᠨᠥᠬᠦᠴᠡᠯ ᠳᠤ ᠨᠡᠶᠢᠴᠡᠬᠦ ᠳᠤᠮᠳᠠ ᠵᠢᠵᠢᠭ ᠮᠠᠯᠵᠢᠯ ᠤᠨ ᠲᠠᠯᠠᠪᠠᠢ ᠶᠢᠨ ᠵᠢᠭᠡᠯᠡᠯᠭᠡ ᠶᠢ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠳᠤ ᠣᠷᠣᠭᠤᠯᠤᠨ ᠳᠡᠮᠵᠢᠬᠦ ᠪᠣᠯᠤᠨ᠎ᠠ᠃ ᠰᠦ ᠴᠠᠭᠠᠨ ᠢᠳᠡᠭᠡᠨ ᠤ ᠦᠢᠯᠡᠰ ᠤᠨ ᠭᠤᠤᠯ ᠭᠠᠷᠤᠯᠲᠠ ᠶᠢᠨ ᠣᠷᠣᠨ ᠳᠤ᠂ ᠮᠠᠨ ᠤ ᠣᠷᠣᠨ ᠪᠠᠰᠠ ᠲᠠᠷᠢᠶᠠᠯᠠᠩ ᠮᠠᠯ ᠠᠵᠤ ᠠᠬᠤᠶ ᠶᠢᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠯᠪᠣᠭᠠᠯᠠᠬᠤ ᠬᠡᠯᠪᠡᠷᠢ ᠪᠠᠷ᠂ ︽ᠵᠠᠰᠠᠭ ᠪᠠᠩᠬᠢ ᠳᠠᠭᠠᠭᠠᠯᠲᠠ ︾ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢᠶᠠᠷ ᠳᠠᠭᠠᠭᠠᠯᠲᠠ ᠬᠢᠵᠦ ᠢᠲᠡᠭᠡᠮᠵᠢ ᠶᠢ ᠨᠡᠮᠡᠭᠳᠡᠭᠦᠯᠬᠦ ᠳᠡᠮᠵᠢᠯᠭᠡ ᠦᠵᠡᠭᠦᠯᠦᠨ᠎ᠡ᠃ ᠲᠦᠭᠰᠢᠭᠦᠷᠢ ᠶᠢᠨ ᠨᠥᠬᠦᠪᠥᠷᠢ ᠥᠭᠬᠦ᠂ ᠬᠦᠤ ᠮᠥᠩᠭᠦ ᠶᠢ ᠨᠢ ᠤᠷᠤᠯᠠᠨ ᠥᠭᠬᠦ᠂ ᠳᠠᠭᠠᠭᠠᠯᠲᠠ ᠶᠢᠨ ᠰᠦᠢᠳᠭᠡᠯ ᠢ ᠨᠦᠬᠦᠪᠦᠷᠢᠯᠡᠬᠦ ᠵᠡᠷᠭᠡ ᠲᠥᠷᠥᠯ ᠵᠦᠢᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠭᠰᠡᠨ ᠭᠠᠵᠠᠷ ᠣᠷᠣᠨ ᠳᠤ ᠪᠠᠰᠠ ᠲᠦᠭᠰᠢᠭᠦᠷᠢ ᠶᠢᠨ ᠨᠥᠬᠦᠪᠥᠷᠢ ᠥᠭᠬᠦ ᠪᠠᠯᠠ ᠮᠥᠩᠭᠦ ᠶᠢᠨ ᠳᠠᠬᠢᠨ ᠲᠤᠭ᠎ᠠ ᠶᠢ ᠶᠡᠬᠡᠰᠬᠡᠵᠦ᠂ ᠡᠳ᠋ ᠤᠨ ᠵᠠᠰᠠᠭ ᠤᠨ ᠪᠠᠯᠠ ᠮᠦᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠦ ᠴᠠᠭᠠᠨ ᠢᠳᠡᠭᠡᠨ ᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠯ᠎ᠡ ᠭᠠᠵᠠᠷ ᠤᠨ ᠬᠢᠨ ᠪᠠᠰᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠮᠣ ᠬᠡᠯᠪᠡᠷᠢ ᠶᠢᠨ ᠰᠦ ᠴᠠᠭᠠᠨ ᠢᠳᠡᠭᠡᠨ ᠤ ᠦᠢᠯᠡᠰ ᠡᠳ᠋ᠰᠢᠭᠦᠯᠬᠦ ᠠᠵᠤ ᠠᠬᠤᠶᠢᠯᠠᠯ ᠪᠣᠯᠤᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠪᠠᠨ ᠨᠡᠮᠡᠭᠳᠡᠭᠦᠯᠦᠨ᠎ᠡ᠃      ᠬᠥᠲᠥᠯᠥᠭᠴᠢ᠄ ᠯᠢᠦ ᠲᠢᠩᠬᠢᠮ ᠤᠨ ᠳᠠᠷᠤᠭ᠎ᠠ ᠳᠤ ᠲᠠᠯᠠᠷᠬᠠᠯ᠎ᠠ︕ ᠰᠦ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠶ ᠶᠠᠷᠢᠶᠠᠨ ᠤ ᠰᠡᠳᠦᠪ ᠪᠠᠰᠠ ᠮᠠᠰᠢ ᠤᠯᠠᠨ ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠤᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠠᠨᠳᠠ ᠨᠠᠷ ᠲᠠᠢ ᠪᠠᠨ ᠬᠠᠮᠲᠤ ᠰᠤᠳᠤᠯᠤᠨ ᠶᠠᠷᠢᠯᠴᠠᠬᠤ ᠶᠢ ᠬᠦᠰᠡᠵᠦ ᠪᠠᠶᠢᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠲᠣᠰ ᠤᠳᠠᠭ᠎ᠠ ᠶᠢᠨ ᠫᠷᠤᠭ᠍ᠷᠠᠮ ᠢ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ︕ ᠪᠠᠶᠠᠷᠲᠠᠶ︕      ᠯᠢᠦ ᠶᠦᠩ ᡁᠢ᠄ ᠪᠠᠶᠠᠷᠲᠠᠢ︕
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1