ᠲᠤᠭᠳᠠᠬᠤ ᠰᠢᠶᠠᠨ 2020 ᠣᠨ ᠳᠤ ᠰᠢᠨ᠎ᠡ ᠪᠠᠷ ᠲᠤᠰᠢᠶᠠᠯ ᠳᠤ ᠭᠠᠷᠤᠭᠰᠠᠨ ᠰᠠᠯᠠᠭᠠᠨ ᠲᠠᠰ ᠤᠨ ᠺᠠᠳ᠋ᠷ ᠲᠤ ᠠᠵᠢᠯ ᠤᠨ ᠪᠠᠶᠢᠷᠢ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠬᠢᠪᠠ
ᠨᠡᠶᠢᠲᠡᠯᠡᠭᠰᠡᠨ ᠴᠠᠭ᠄
2020-04-25
      ᠰᠢᠶᠠᠨ ᠤ ᠨᠠᠮ ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠢᠨ ᠶᠣᠰᠣᠭᠠᠷ᠂ 4 ᠰᠠᠷ᠎ᠠ ᠶᠢᠨ 23 ᠤ ᠡᠳᠦᠷ᠂  ᠲᠤᠭᠳᠠᠬᠤ ᠰᠢᠶᠠᠨ 2020 ᠣᠨ ᠳᠤ ᠰᠠᠯᠠᠭᠠᠨ ᠲᠠᠰ ᠤᠨ ᠺᠠᠳ᠋ᠷ ᠤᠨ ᠠᠵᠢᠯ ᠤᠨ ᠪᠠᠶᠢᠷᠢ ᠠᠴᠠ ᠡᠮᠦᠨᠡᠬᠢ ᠠᠷᠢᠭᠤᠨ ᠴᠢᠬᠡᠴ ᠢ ᠴᠢᠭᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠡᠰ ᠤᠨ ᠺᠠᠳ᠋ᠷ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃      ᠬᠤᠷᠠᠯ ᠳᠡᠭᠡᠷ᠎ᠡ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ 6 ᠺᠠᠳ᠋ᠷ ᠣᠪᠣᠷ ᠢᠶᠠᠨ ᠢᠯᠡᠳᠬᠡᠬᠦ ᠦᠭᠡ ᠬᠡᠯᠡᠵᠦ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠪᠦᠬᠦ ᠺᠠᠳ᠋ᠷ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠲᠤ ᠠᠵᠢᠯ ᠤᠨ ᠪᠠᠶᠢᠷᠢ ᠠᠴᠠ ᠡᠮᠦᠨᠡᠬᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠭ᠎ᠠ ᠬᠢᠪᠡ᠃      ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠢᠮᠠᠭᠲᠠ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠪᠠᠷᠢᠮᠵᠢᠶᠠᠲᠤ ᠤᠯᠤᠰ ᠲᠦᠷᠦ ᠶᠢᠨ ᠴᠢᠭᠯᠡᠯ ᠢ ᠪᠠᠲᠤᠯᠠᠬᠤ ᠬᠡᠷᠡᠭᠲᠡᠢ᠃ ᠦᠨᠡᠨ ᠰᠡᠳᠬᠢᠯ ᠠᠴᠠ ᠪᠠᠨ ᠬᠠᠮᠵᠢᠯᠴᠠᠨ ᠪᠦᠯᠬᠦᠮᠳᠡᠯ ᠢ ᠡᠷᠬᠢᠮᠯᠡᠵᠦ᠂ ᠠᠶᠢᠮᠠᠭ ᠪᠦᠯᠦᠭ ᠪᠠᠶᠢᠭᠤᠯᠬᠤ ︽ᠪᠠᠭ᠎ᠠ ᠪᠦᠯᠬᠦᠮᠳᠡᠯ︾ ᠪᠠ ᠦᠡᠭᠭᠡᠨ ᠳᠡᠭᠡᠷ᠎ᠡ ᠪᠠᠨ ᠡᠶ᠎ᠡ ᠨᠠᠶᠢᠷᠲᠠᠶ᠂ ᠦᠨᠡᠨ ᠳᠡᠭᠡᠨ ᠬᠠᠷᠢᠯᠴᠠᠨ ᠲᠡᠮᠡᠴᠡᠯᠳᠦᠵᠦ ᠰᠡᠷᠭᠡᠶᠢᠯᠡᠬᠦ ︽ᠬᠠᠭᠤᠷᠮᠠᠭ ᠪᠦᠯᠬᠦᠮᠳᠡᠯ︾ ᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠠᠮᠤᠭ ᠤᠨ ᠶᠡᠭᠡ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠬᠤ ᠬᠡᠷᠡᠭᠲᠡᠶ᠃ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠷᠬᠡᠪᠰᠢ ᠰᠡᠳᠬᠢᠯ ᠵᠢᠷᠦᠬᠡᠨ ᠳᠡᠭᠡᠨ ᠰᠦᠷᠳᠡᠬᠦ᠂ ᠦᠭᠡ ᠬᠡᠯᠡᠬᠦ ᠳᠡᠭᠡᠨ ᠴᠡᠭᠡᠷᠯᠡᠬᠦᠢ᠂ ᠦᠢᠯᠡ ᠠᠵᠢᠯᠯᠠᠭ᠎ᠠ ᠳᠠᠭᠠᠨ ᠵᠣᠭᠰᠣᠴᠠ ᠲᠠᠢ ᠪᠠᠶᠢᠵᠤ᠂ ᠢᠮᠠᠭᠲᠠ ᠳᠡᠮᠡᠶᠢᠷᠡᠬᠦ ᠦᠭᠡᠢ᠂ ᠳᠤᠷ᠎ᠠ ᠪᠠᠷ ᠢᠶᠠᠨ ᠦᠢᠯᠡᠳᠬᠦ ᠦᠭᠡᠢ᠂ ᠵᠠᠭᠠᠭ ᠱᠤᠭᠤᠮ ᠠᠴᠠ ᠳᠠᠪᠠᠭ᠋ᠤ ᠦᠭᠡᠢ᠂ ᠳᠦᠷᠢᠮ ᠠᠴᠠ ᠵᠥᠷᠢᠴᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠨ᠂ ᠰᠢᠶᠠᠨ ᠤ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠢᠯᠠᠰ ᠴᠡᠭ ᠢ ᠴᠢᠷᠮᠠᠶᠢᠨ ᠡᠭᠦᠳᠴᠦ᠂ ᠰᠢᠨ᠎ᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠠᠷᠢᠭᠤᠨ ᠴᠢᠬᠡᠴᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠷᠬᠡ ᠪᠠᠨ ᠲᠥᠪ ᠭᠤᠤᠯᠴᠢ ᠪᠠᠷ ᠬᠡᠷᠡᠭᠯᠡᠵᠦ᠂ ᠡᠷᠬᠡ ᠪᠠᠨ ᠭᠤᠤᠯᠴᠢ ᠪᠠᠷ ᠬᠡᠷᠡᠭᠯᠡᠵᠦ᠂ ︽ᠨᠢᠮᠭᠡᠨ ᠮᠥᠰᠥᠨ ᠳᠡᠭᠡᠷ᠎ᠡ ᠭᠢᠰᠬᠢᠪᠡᠯ ᠭᠦᠨ ᠬᠦᠪ ᠲᠤ ᠬᠦᠷᠦᠭᠰᠡᠨ ᠮᠡᠲᠦ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠪᠠᠰᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠤᠨ ᠲᠠᠶᠢᠯᠪᠦᠷᠢᠯᠠᠬᠤ ᠠᠵᠢᠯ ᠬᠢᠭᠰᠡᠨ ᠪᠥᠭᠡᠳ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠺᠢᠨᠤ᠋ ᠶᠢᠨ ︽ᠲᠤᠷᠦ᠋ᠢᠳᠠᠯ ᠤᠨ ᠤᠭ ᠰᠠᠨᠠᠭ᠎ᠠ︾ ᠶᠢ ᠵᠣᠬᠢᠶᠠᠨ ᠪᠠᠶᠢᠭᠤᠯᠤᠨ ᠰᠣᠨᠢᠷᠬᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1