ᠬᠥᠬᠡᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠲᠤᠭᠳᠠᠬᠤ ᠰᠢᠶᠠᠨ ᠳᠤ ᠢᠷᠡᠵᠦ ︽5 · 1︾ ᠤ ᠪᠠᠶᠠᠷ ᠤᠨ ᠡᠳᠤᠷ ᠠᠴᠠ  ᠡᠮᠦᠨᠡᠬᠢ ᠤᠰᠤᠨ ᠵᠠᠮ ᠬᠠᠷᠢᠯᠴᠠᠭᠠᠨ ᠤ ᠠᠮᠤᠷ ᠲᠦᠪᠰᠢᠨ ᠤ  ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2020-04-30
      ︽5 · 1︾ ᠤ ᠠᠮᠠᠷᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠬᠤ ᠪᠤᠯᠬᠤᠷ᠂ ᠪᠠᠶᠠᠷ ᠤᠨ ᠡᠳᠦᠷ ᠤᠨ ᠬᠤᠭᠤᠴᠠᠭᠠᠨ ᠳᠤ ᠲᠤᠭᠳᠠᠬᠤ ᠰᠢᠶᠠᠨ ᠤ ᠬᠠᠷᠢᠶᠠᠲᠤ ᠣᠷᠣᠨ ᠤ ᠤᠰᠤᠨ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠭᠤᠯᠴᠢᠯᠠᠭᠴᠢᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠂ ᠠᠮᠤᠷ ᠲᠦᠪᠰᠢᠨ ᠤ ᠰᠢᠪᠠᠳᠠᠨ ᠪᠠᠶᠢᠴᠠᠭᠠᠯᠲᠠ ᠶᠢᠨ ᠲᠥᠪ᠂ ᠬᠤᠲᠠ ᠶᠢᠨ ᠣᠷᠣᠨ ᠨᠤᠲᠤᠭ ᠤᠨ ᠲᠡᠯᠡᠶ ᠶᠢᠨ ᠶᠠᠪᠤᠳᠠᠯ ᠤᠨ ᠲᠤᠪᠴᠢᠶ᠎ᠠ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠭᠳᠠᠬᠤ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠠᠷ᠎ᠠ ᠪᠣᠯᠣᠯᠭ᠎ᠠ ᠳᠣᠤᠷ᠎ᠠ ᠥᠪᠥᠷ ᠮᠣᠩᠭᠤᠯ ᠤᠨ ᠱᠤᠨ ᠴᠢᠤᠸᠠᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠭᠠᠷᠠᠮ᠂ ᠣᠩᠭᠤᠴᠠ ᠰᠠᠯ ᠳᠤ ᠪᠥᠬᠦ ᠲᠠᠯ᠎ᠠ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠠ᠃      ᠬᠠᠷᠢᠭᠤ ᠮᠡᠳᠡᠭᠦᠯᠦᠯᠲᠡ ᠶᠢ ᠰᠣᠨᠣᠰᠬᠤ᠂ ᠪᠠᠶᠢᠳᠠᠯ ᠢ ᠠᠰᠠᠭᠤᠬᠤ᠂ ᠮᠠᠲ᠋ᠧᠷᠢᠶᠠᠯ ᠪᠠᠶᠢᠴᠠᠭᠠᠬᠤ᠂ ᠲᠤᠬᠠᠢ ᠶᠢᠨ ᠲᠠᠯᠠᠪᠠᠢ ᠶᠢ  ᠪᠠᠶᠢᠴᠠᠭᠠᠵᠤ᠂ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢᠯᠠᠭᠤᠯᠤᠯᠳᠠ᠂ ᠭᠠᠯ ᠤᠨᠲᠠᠷᠠᠭᠠᠬᠤ᠂ ᠠᠪᠤᠷᠠᠬᠤ ᠲᠥᠬᠦᠭᠡᠷᠦᠮᠵᠢ᠂ ᠡᠯ᠎ᠡ ᠲᠥᠷᠥᠯ ᠤᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ ᠪᠦᠷᠢᠨᠰᠢᠭᠦᠯᠦᠭᠰᠡᠨ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠷᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃      ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠠᠴᠠ ᠠᠵᠤ ᠠᠬᠤᠶᠢᠯᠠᠯ ᠳᠤ ᠭᠤᠷᠪᠠᠨ ᠲᠠᠯ᠎ᠠ ᠶᠢᠨ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ᠣᠩᠭᠤᠴᠠ ᠰᠠᠯ ᠤᠨ ᠠᠶᠠᠯᠠᠯ ᠡᠬᠢᠯᠡᠬᠦ ᠠᠴᠠ ᠡᠮᠦᠨ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠰᠠᠭᠠᠨ ᠪᠠᠶᠢᠴᠠᠭᠠᠬᠤ᠂ ᠪᠣᠯᠪᠠᠰᠤᠷᠠᠭᠤᠯᠬᠤ᠂ ᠰᠣᠷᠢᠯᠲᠠ ᠬᠢᠬᠦ ᠵᠡᠷᠭᠡ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ︔ ᠬᠤᠶᠠᠷ ᠲᠤ᠂ ᠥᠪᠡᠷᠲᠡᠭᠡᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠵᠦ᠂ ᠪᠠᠶᠠᠷ ᠤᠨ ᠡᠳᠦᠷ ᠠᠴᠠ ᠡᠮᠦᠨᠡᠬᠢ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭ᠎ᠠ ᠰᠠᠶᠢᠲᠤᠷ  ᠨᠠᠶᠢᠳᠠᠪᠦᠷᠢᠵᠢᠭᠤᠯᠬᠤ ᠬᠡᠷᠡᠭᠳᠡᠢ᠃ ᠭᠤᠷᠪᠠ ᠳᠤ᠂ ᠭᠠᠷᠠᠮ᠂ ᠣᠩᠭᠤᠴᠠ ᠰᠠᠯ᠂ ᠭᠠᠯ ᠤᠨᠲᠠᠷᠠᠭᠠᠬᠤ᠂ ᠠᠪᠤᠷᠠᠯᠳᠠ ᠶᠢᠨ ᠲᠥᠬᠦᠭᠡᠷᠦᠮᠵᠢ ᠶᠢᠨ ᠪᠠᠶᠢᠴᠠᠭᠠᠯᠲᠠ ᠳᠤᠮᠳᠠ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠢ ᠪᠣᠳᠠᠲᠠᠶᠢᠵᠢᠭᠤᠯᠬᠤ ᠶᠢ ᠦᠨᠡᠨ ᠬᠦ  ᠪᠠᠳᠤᠯᠠᠬᠤ ᠬᠡᠷᠡᠭᠳᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1