ᠲᠣᠭᠲᠠᠬᠤ ᠰᠢᠶᠠᠨ ᠤ ᠲᠠᠪᠢᠨ ᠭᠡᠷ ᠪᠠᠯᠭᠠᠰᠤ᠄ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠤᠯᠭᠠᠵᠦ ᠪᠠᠶᠢᠨ᠎ᠠ
ᠨᠡᠶᠢᠲᠡᠯᠡᠭᠰᠡᠨ ᠴᠠᠭ᠄
2020-05-12
      ᠤᠶᠢᠷ᠎ᠠ ᠶᠢᠨ ᠵᠢᠯ ᠳᠤ᠂ ᠬᠥᠬᠡᠬᠤᠲᠠ ᠶᠢᠨ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠶᠢ ᠪᠠᠷᠢᠮᠳᠠᠯᠠᠵᠦ᠂ ᠠᠵᠤ ᠦᠢᠯᠡᠰ ᠤᠨ ᠬᠥᠭᠵᠢᠯᠲᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠠᠶᠢᠴᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠬᠡᠷᠡᠭᠵᠢᠭᠦᠯᠬᠦ ᠶᠢ ᠠᠬᠢᠭᠤᠯᠵᠤ᠂ ︽ᠳᠥᠷᠪᠡᠨ ᠴᠠᠭᠠᠨ ᠭᠤᠷᠪᠠᠨ ᠤᠯᠠᠭᠠᠨ ᠬᠤᠶᠠᠷ ᠬᠥᠬᠡ ᠨᠢᠭᠡ ᠨᠣᠭᠤᠭᠠᠨ︾ ᠣᠨᠴᠠᠯᠢᠭᠲᠤ ᠲᠠᠷᠢᠶᠠᠯᠠᠩ ᠮᠠᠯ ᠠᠵᠤ  ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠪᠦᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃      ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠨᠴᠠᠯᠢᠭᠳᠤ ᠲᠠᠷᠢᠶᠠᠯᠠᠩ ᠤᠨ ᠲᠦᠷᠭᠡᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠲᠠᠪᠢᠨ ᠪᠠᠯᠭᠠᠰᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠬᠤᠪᠢᠷᠠᠯᠲᠠ ᠶᠢ ᠪᠡᠶᠡᠯᠡᠭᠦᠯᠵᠡᠶ᠃ ︽ᠳᠥᠷᠪᠡᠨ ᠴᠠᠭᠠᠨ ᠭᠤᠷᠪᠠᠨ ᠤᠯᠠᠭᠠᠨ ᠬᠤᠶᠠᠷ ᠬᠥᠬᠡ ᠨᠢᠭᠡ ᠨᠤᠭᠤᠭᠠᠨ︾ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠡᠭᠦᠨ ᠳᠤ ︽ᠳᠥᠷᠪᠡᠨ ᠴᠠᠭᠠᠨ︾ ᠭᠡᠳᠡᠭ ᠨᠢ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠮᠠᠯ ᠠᠵᠤ ᠠᠬᠤᠶ ᠶᠢᠨ ᠺᠣᠮᠫᠠᠨᠢ ᠶᠢᠨ ᠪᠣᠷᠳᠣᠵᠤ ᠲᠠᠷᠭᠤᠯᠠᠭᠤᠯᠬᠤ ᠬᠤᠨᠢ᠂ ᠴᠢ ᠬᠠᠩ ᠠᠮᠢ ᠠᠬᠤᠶ ᠶᠢᠨ ᠺᠣᠮᠫᠠᠨᠢ ᠶᠢᠨ ᠪᠣᠷᠳᠣᠵᠤ ᠲᠠᠷᠭᠤᠯᠠᠭᠤᠯᠬᠤ ᠭᠠᠭ᠋ᠠᠶ᠂ ᠮᠧᠩ ᠵᠥᠩ ᠮᠠᠯᠵᠢᠯ ᠤᠨ ᠲᠠᠯᠠᠪᠠᠶ ᠬᠢᠭᠡᠳ ᠮᠧᠩ ᠴᠢ ᠺᠣᠮᠫᠠᠨᠢ ᠶᠢᠨ ᠴᠠᠭᠠᠨ ᠢᠳᠡᠭᠡ᠂ ᠣᠶ ᠰᠢᠭᠤᠶ ᠪᠤᠶᠢᠵᠢᠭᠤᠯᠬᠤ ᠲᠠᠷᠢᠶᠠᠯᠠᠩ ᠤᠨ ᠬᠤᠷᠰᠢᠶ᠎ᠠ ᠶᠢᠨ ᠪᠤᠷᠴᠠᠭ ᠤᠨ ᠪᠦᠲᠦᠭᠡᠭᠳᠡᠬᠦᠨ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠵᠢᠭᠠᠵᠤ ᠪᠣᠶ︔ ︽ᠭᠤᠷᠪᠠᠨ ᠤᠯᠠᠭᠠᠨ︾ ᠭᠡᠳᠡᠭ ᠨᠢ ᠤᠯᠠᠭᠠᠨ ᠯᠠᠵᠤᠤ ᠲᠠᠷᠢᠵᠤ ᠪᠣᠯᠪᠠᠰᠤᠷᠠᠭᠤᠯᠬᠤ᠂ ᠰᠢ ᠳ᠋ᠡ ᠭᠧ ᠳ᠋ᠡ ᠲᠣᠰᠬᠤᠨ ᠤ ᠲᠠᠷᠪᠤᠰ ᠳᠠᠷᠢᠬᠤ᠂ ᠤᠯᠠᠭᠠᠨ ᠪᠤᠷᠭᠠᠰᠤᠨ ᠤ ᠠᠮᠢᠳᠤ ᠪᠣᠳᠠᠰ ᠤᠨ ᠲᠦᠯᠡᠰᠢ ᠬᠢᠬᠦ ᠤᠨᠴᠠᠯᠢᠬᠳᠤ ᠲᠠᠷᠢᠮᠠᠯ ᠳᠠᠷᠢᠬᠤ ᠪᠠ ᠪᠣᠯᠪᠠᠰᠤᠷᠠᠭᠤᠯᠬᠤ ᠰᠢᠨ᠎ᠡ ᠵᠠᠭᠪᠤᠷ ᠢ ᠵᠢᠭᠠᠵᠤ ᠪᠣᠶ︔ ︽ᠬᠤᠶᠠᠷ ᠬᠥᠬᠡ︾ ᠭᠡᠳᠡᠭ ᠨᠢ ᠠᠲᠠᠷ ᠭᠠᠵᠠᠷ ᠤᠨ ᠶᠣᠣ ᠼᠦᠨ ᠲᠣᠰᠬᠤᠨ ᠵᠡᠷᠭᠡ 4 ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠠ ᠬᠤᠩ ᠵᠢᠶ ᠺᠣᠮᠫᠠᠨᠢ ᠶᠢᠨ ᠵᠢᠯ ᠳᠤ 50 ᠲᠦᠮᠡᠨ ᠲᠣᠨ ᠴᠡᠪᠡᠷ ᠬᠡᠯᠪᠡᠷᠢ ᠶᠢᠨ ᠨᠡᠭᠦᠷᠡᠰᠦ ᠦᠢᠯᠡᠳᠪᠦᠷᠢᠯᠡᠬᠦ ᠲᠥᠷᠥᠯ ᠵᠦᠢᠯ ᠤᠨ ᠪᠣᠬᠢᠷᠲᠤᠯ ᠥᠬᠡᠶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠪᠣᠶ  ᠪᠤᠯᠭᠠᠬᠤ ᠶᠢ ᠵᠢᠭᠠᠵᠤ ᠪᠣᠶ︔ ︽ᠨᠢᠭᠡ ᠨᠣᠭᠤᠭᠠᠨ︾ ᠭᠡᠳᠡᠭ ᠨᠢ ᠳ᠋ᠡ ᠪᠸᠢ ᠶᠣᠣ ᠲᠣᠰᠬᠤᠨ ᠤ ᠣᠷᠭᠠᠨᠢᠭ ᠲᠠᠷᠢᠶᠠᠯᠠᠩ ᠤᠨ ᠲᠥᠷᠥᠯ  ᠵᠦᠢᠯ ᠳᠤ  ᠪᠤᠬᠢᠷᠳᠤᠯ ᠥᠬᠡᠶ ᠠᠵᠤ  ᠦᠢᠯᠡᠰ ᠤᠨ ᠪᠠᠶᠢᠷᠢᠰᠢᠯ ᠢ ᠬᠡᠷᠡᠭᠵᠢᠭᠦᠯᠬᠦ ᠶᠢ ᠵᠢᠭᠠᠵᠤ ᠪᠣᠶ᠃      ᠬᠥᠲᠥᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ  ᠦᠢᠯᠡᠰᠵᠢᠭᠰᠡᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠠᠵᠤ ᠦᠶᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠲᠤᠪᠤᠶᠢᠮ᠎ᠠ ᠪᠠᠳᠠᠷᠠᠭᠤᠯᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂  ᠡᠳ᠋ᠰᠢᠭᠦᠯᠬᠦ ᠪᠠ ᠭᠦᠢᠭᠡᠭᠡᠨ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠣᠳᠣᠬᠠᠨ ᠳᠤ ᠪᠦᠬᠦ ᠪᠠᠯᠭᠠᠰᠤᠨ ᠳᠤ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ 23 ᠪᠠᠶᠢᠨ᠎ᠠ᠂ ᠡᠭᠦᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠶᠢ ᠲᠡᠳᠬᠦᠬᠦ ᠠᠵᠤ ᠠᠬᠤᠶᠢᠯᠠᠯ 1 ︵ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ 10 ᠲᠦᠮᠡᠨ ᠲᠣᠯᠣᠭᠠᠶ ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠪᠤᠯᠪᠠᠰᠤᠷᠠᠭᠤᠯᠬᠤ ᠲᠥᠷᠥᠯ ᠵᠦᠢᠯ︶᠂ ᠬᠥᠬᠡᠬᠤᠲᠠ ᠶᠢᠨ ᠲᠠᠰ ᠤᠨ ᠶᠠᠳᠠᠭᠤ ᠶᠢ ᠲᠡᠳᠬᠦᠬᠦ ᠠᠵᠤ ᠠᠬᠤᠶᠢᠯᠠᠯ 1 ︵ᠠᠶᠠᠯᠠᠯ ᠡᠬᠢᠯᠡᠬᠦ ᠠᠮᠢ ᠠᠬᠤᠶ ᠶᠢᠨ ᠣᠨ ᠳᠤ ᠲᠦᠮᠡᠨ ᠲᠣᠯᠣᠭᠠᠶ ᠭᠠᠭ᠋ᠠᠶ ᠲᠡᠵᠢᠭᠡᠨ ᠦᠷᠡᠵᠢᠭᠦᠯᠬᠦ ᠲᠥᠷᠥᠯ  ᠵᠦᠢᠯ︶᠃ ᠬᠡᠪᠴᠢᠶᠡᠵᠢᠯ ᠠᠴᠠ ᠳᠡᠭᠡᠭᠰᠢᠬᠢ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠢ 2 ︵ᠢᠯᠢ ᠶᠢᠦ ᠷᠠᠨ ᠮᠠᠯ ᠠᠵᠤ ᠠᠬᠤᠢ ᠶᠢᠨ 5000 ᠲᠣᠯᠣᠭᠠᠶ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠪᠠ ᠰᠢᠩ ᠯᠢᠶᠠᠨ ᠰᠢᠩ ᠮᠠᠯ ᠠᠵᠤ ᠠᠬᠤᠢ ᠶᠢᠨ 2000 ᠲᠣᠯᠣᠭᠠᠶ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ︶᠃ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠯᠲᠠ ᠪᠠᠷ ᠳᠠᠮᠵᠢᠨ᠂ ᠪᠦᠬᠦ ᠪᠠᠯᠭᠠᠰᠤᠨ ᠤ ᠲᠠᠷᠢᠶᠠᠴᠢᠨ ᠡᠷᠦᠬᠡ ᠲᠠᠷᠠᠬᠠᠶ ᠪᠤᠲᠠᠷᠬᠠᠶ ᠡᠷᠦᠬᠡ ᠪᠣᠯᠤᠨ ᠲᠣᠮᠣ ᠡᠷᠦᠬᠡ ᠶᠢᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠲᠣᠯᠣᠭᠠᠶ᠂ ᠣᠷᠭᠠᠨᠢᠭ ᠳᠠᠷᠤᠰᠢᠭᠤᠯᠤᠭᠰᠠᠨ ᠡᠷᠳᠡᠨᠢ ᠰᠢᠰᠢ ᠶᠢᠨ ᠲᠠᠷᠢᠮᠠᠯ ᠪᠣᠯᠤᠨ ᠣᠨᠴᠠᠯᠢᠭᠲᠤ ᠠᠵᠤ ᠠᠬᠤᠶ ᠶᠢᠨ ᠲᠠᠷᠢᠮᠠᠯ ᠤᠨ ᠲᠠᠯᠠᠪᠠᠶ ᠵᠢᠯ ᠳᠠᠷᠠᠭᠠᠯᠠᠨ ᠨᠡᠮᠡᠭᠳᠡᠵᠦ᠂ ᠪᠦᠳᠦᠭᠦᠯᠢᠭ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠪᠠ᠃ ᠠᠵᠤ ᠠᠬᠤᠶᠢᠯᠠᠯ ᠤᠨ ᠬᠥᠭᠵᠢᠯᠲᠡ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠪᠡ᠃      ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠤᠶᠢᠷ᠎ᠠ ᠶᠢᠨ ᠵᠢᠯ ᠳᠤ᠂ ᠲᠠᠪᠢᠨ ᠭᠡᠷ ᠪᠠᠯᠭᠠᠰᠤ ᠶᠠᠳᠠᠭᠤ ᠬᠦᠴᠢᠷᠳᠡᠯᠲᠡᠶ ᠨᠡᠶᠢᠲᠡ ᠴᠣᠭᠴᠠ ᠪᠣᠯᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠠᠷᠢᠯᠴᠠᠨ ᠠᠰᠢᠭᠳᠠᠢ ᠬᠠᠮᠲᠤᠪᠠᠷ ᠠᠰᠢᠭ ᠬᠦᠷᠲᠡᠬᠦ ᠰᠢᠨ᠎ᠡ ᠠᠷᠭ᠎ᠠ ᠵᠠᠮ ᠢ ᠥᠷᠭᠡᠳᠬᠡᠵᠡᠶ᠃ ᠵᠦᠶ ᠵᠣᠬᠢᠰᠲᠠᠶ ︽ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ + ᠲᠠᠷᠢᠶᠠᠴᠢᠨ ᠡᠷᠦᠬᠡ + ᠶᠠᠳᠠᠭᠤ ᠬᠦᠴᠢᠷᠳᠡᠯᠲᠡᠶ ᠡᠷᠦᠬᠡ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠭᠠᠵᠠᠷ ᠰᠢᠷᠣᠶ ᠶᠢ ᠡᠷᠭᠢᠯᠳᠦᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠵᠡᠷᠭᠡ ᠠᠷᠭ᠎ᠠ ᠬᠡᠯᠪᠡᠷᠢ ᠪᠠᠷ ᠶᠠᠳᠠᠭᠤ ᠬᠦᠴᠢᠷᠳᠡᠯᠲᠡᠶ ᠡᠷᠦᠬᠡ ᠶᠢ ᠭᠠᠵᠠᠷ ᠰᠢᠷᠣᠶ ᠶᠢ ᠡᠷᠭᠢᠯᠳᠦᠭᠦᠯᠬᠦ ᠳᠤᠮᠳᠠ ᠲᠦᠷᠢᠶᠡᠰᠦᠨ ᠮᠥᠩᠭᠦ ᠣᠯᠭᠤᠬᠤ ᠬᠤᠪᠢ ᠣᠷᠣᠭᠤᠯᠤᠭᠰᠠᠨ ᠲᠣᠯᠣᠭᠠᠶᠢᠯᠠᠭᠴᠢ ᠠᠵᠤ ᠠᠬᠤᠶᠢᠯᠠᠯ᠂ ᠬᠤᠷᠰᠢᠶ᠎ᠠ ᠠᠴᠠ ︽ᠦᠨᠳᠦᠰᠦᠨ ᠵᠦᠢᠯ ᠢ ᠪᠠᠲᠤᠯᠠᠬᠤ ᠠᠰᠢᠭ ᠣᠷᠣᠯᠭ᠎ᠠ︾ ᠣᠯᠵᠤ᠂ ᠠᠵᠤ ᠠᠬᠤᠶᠢᠯᠠᠯ ᠤᠨ ᠬᠥᠯᠥᠰᠥᠨ ᠠᠵᠢᠯ ᠬᠢᠬᠦ ᠳᠤ ᠣᠶᠢᠷ᠎ᠠ ᠬᠠᠪᠢ ᠲᠤᠬᠠᠶ ᠶᠢᠨ ᠭᠠᠵᠠᠷ ᠲᠠᠭᠠᠨ ᠠᠵᠢᠯ ᠣᠯᠵᠤ ᠴᠠᠯᠢᠩ ᠣᠯᠬᠤ ᠶᠢ ᠪᠡᠶᠡᠯᠡᠭᠦᠯᠵᠦ᠂ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ  ᠦᠷᠭᠡᠳᠭᠡᠵᠦ᠂ ᠭᠡᠷ ᠪᠦᠯᠢ ᠶᠢᠨ ᠣᠷᠣᠯᠭ᠎ᠠ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠪᠡᠶᠡᠯᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1