ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠩ ᠤᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠤᠭᠳᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-05-14
      5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠦᠨ ᠵᠧᠨ ᠶᠦᠨ ᠨᠠᠷ ᠮᠠᠨ ᠤ ᠬᠤᠲᠠ ᠶᠢᠨ ᠲᠤᠭᠳᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠤᠳᠤᠯᠤᠯᠲᠠ ᠥᠷᠨᠢᠭᠦᠯᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧ  ᠬᠠᠢ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠤᠭᠳᠠᠬᠤ ᠰᠢᠶᠠᠨ ᠤ ᠭᠦ᠋ ᠴᠧᠩ ᠪᠠᠯᠭᠠᠰᠤᠨ ᠤ ᠨᠠᠨ ᠲᠠᠢ ᠵᠢᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠭᠤᠷᠢᠭ᠂  ᠲᠤᠭᠳᠠᠬᠤ ᠰᠢᠶᠠᠨ ᠤ ᠦᠱᠧᠨ ᠪᠠᠯᠭᠠᠰᠤᠨ ᠤ ᠳ᠋ᠠ ᠵᠢᠩ ᠬᠤᠤ ᠲᠣᠰᠬᠤᠨ ᠤ ᠬᠤᠵᠢᠷᠯᠢᠭ ᠭᠠᠵᠠᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠵᠢᠱᠢᠶ᠎ᠡ ᠦᠵᠡᠭᠦᠯᠬᠦ ᠭᠠᠵᠠᠷ᠂ ᠲᠦᠮᠡᠳ ᠵᠡᠭᠦᠨ ᠬᠤᠰᠢᠭᠤᠨ ᠤ ᠲᠠᠪᠤᠰᠠᠢ ᠰᠢᠶᠠᠩ ᠤᠨ ᠳ᠋ᠠ ᠳ᠋ᠠᠢ ᠲᠣᠰᠬᠤᠨ ᠤ ᠬᠦᠩᠭᠡᠨ ᠬᠡᠮᠵᠢᠶᠡᠨ ᠤ ᠬᠤᠵᠢᠷᠯᠢᠭ ᠭᠠᠵᠠᠷ ᠤᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠲᠣᠭᠤᠷᠢᠭ᠂ ᠲᠦᠮᠡᠳ ᠵᠡᠭᠦᠨ ᠬᠤᠰᠢᠭᠤᠨ ᠤ ᠲᠠᠪᠤᠰᠠᠢ ᠰᠢᠶᠠᠩ ᠤᠨ ᠲᠠᠪᠤᠰᠠᠢ ᠲᠣᠰᠬᠤᠨ ᠤ ᠳᠤᠮᠳᠠ ᠬᠡᠮᠵᠢᠶᠡᠨ ᠤ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ  ᠵᠢᠱᠢᠶ᠎ᠡ ᠦᠵᠡᠭᠦᠯᠬᠦ ᠣᠷᠣᠨ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃      ᠰᠦᠨ ᠵᠧᠨ ᠶᠦᠨ ᠨᠠᠷ ᠬᠤᠯᠪᠣᠭᠳᠠᠯ ᠪᠦᠬᠦᠢ ᠠᠵᠢᠯ ᠤᠨ ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠵᠠᠷ ᠰᠢᠷᠣᠶ ᠲᠡᠭᠰᠢᠯᠡᠬᠦ᠂ ᠤᠰᠤᠯᠠᠬᠤ ᠤᠰᠤ ᠵᠠᠯᠠᠬᠤ ᠢᠨᠵᠧᠨᠧᠷᠢᠩ᠂ ᠲᠠᠷᠢᠶᠠᠨ ᠭᠠᠵᠠᠷ ᠤᠨ ᠮᠠᠰᠢᠨ ᠬᠤᠳᠳᠤᠭ ᠤᠨ ᠵᠠᠮ ᠤᠨ ᠪᠦᠲᠦᠭᠡᠨ ᠪᠠᠶᠢᠭᠤᠯᠤᠯᠲᠠ᠂ ᠭᠤᠤ ᠰᠤᠪᠠᠭ ᠯᠠᠶᠢᠳᠠᠬᠤ᠂ ᠣᠶ ᠰᠢᠭᠤᠶ ᠶᠢᠨ ᠲᠣᠤᠷ ᠤᠨ ᠨᠤᠭᠤᠷᠠᠭᠤᠯᠤᠯᠳᠠ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠲᠥᠯᠥᠪᠵᠢᠭᠦᠯᠭᠡ ᠪᠠᠶᠢᠷᠢᠯᠠᠭᠤᠯᠤᠯᠲᠠ᠂ ᠮᠦ ᠪᠦᠷᠢ ᠶᠢᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠵᠡᠷᠭᠡ ᠪᠠᠶᠢᠳᠠᠯ ᠢ ᠨᠠᠷᠢᠨ ᠤᠶᠢᠯᠠᠭᠠᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃      ᠰᠦᠨ ᠵᠧᠨ ᠶᠦᠨ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠤ ᠰᠠᠭᠤᠷᠢ ᠲᠦᠭᠦᠷᠦᠮᠵᠢ ᠶᠢᠨ ᠪᠦᠲᠦᠭᠡᠨ ᠪᠠᠶᠢᠭᠤᠯᠤᠯᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠳᠠ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠢ  ᠤᠶᠠᠯᠳᠤᠭᠤᠯᠵᠦ᠂ ᠡᠮᠬᠢᠯᠡᠨ ᠨᠡᠶᠢᠯᠡᠭᠦᠯᠵᠦ ᠴᠡᠭᠴᠡᠯᠡᠨ ᠵᠠᠰᠠᠬᠤ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠬᠥᠳᠡᠭᠡ ᠲᠣᠰᠬᠤᠨ ᠤ  ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ︽ᠪᠠᠭ᠎ᠠ ᠲᠠᠯᠠᠪᠠᠢ ᠪᠠᠷ ᠵᠢᠱᠢᠶ᠎ᠡ ᠦᠵᠡᠭᠦᠯᠵᠦ᠂ ᠶᠡᠭᠡ ᠲᠠᠯᠠᠪᠠᠢ ᠪᠠᠷ ᠳᠡᠯᠭᠡᠷᠡᠭᠦᠯᠬᠦ︾ ᠱᠠᠭᠠᠷᠳᠠᠯᠭ᠎ᠠ ᠶᠤᠰᠤᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠲᠠᠷᠢᠶᠠᠯᠠᠩ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠤᠨ᠎ᠠ ᠭᠡᠪᠡ᠃      ᠾᠧ ᠬᠠᠢ ᠳ᠋ᠦᠩ᠂ ᠬᠤᠯᠪᠣᠭᠳᠠᠯ ᠪᠦᠬᠦᠢ ᠨᠢᠭᠡᠴᠡ ᠪᠣᠯᠤᠨ ᠰᠢᠶᠠᠩ ᠪᠠᠯᠭᠠᠰᠤ ᠲᠠᠨᠢᠯᠲᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠣᠭᠤᠷᠢᠨ ᠳᠤ᠂ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠲᠠᠷᠢᠮᠠᠯ ᠤᠨ ᠦᠢᠯᠡᠰ ᠲᠤ ᠦᠨᠳᠦᠰᠦᠨ ᠴᠢᠨᠠᠷᠲᠠᠶ ᠬᠤᠪᠢᠷᠠᠯᠲᠠ ᠭᠠᠷᠭᠠᠬᠤ ᠶᠢᠨ ᠬᠠᠮᠲᠤ ᠣᠳᠣ ᠦᠶ᠎ᠡ ᠶᠢᠨ ᠲᠠᠷᠢᠶᠠᠯᠠᠩ ᠤᠨ ︽ᠦᠯᠢᠭᠡᠷ ᠳᠠᠭᠤᠷᠢᠶᠠᠯ︾ ᠢ ᠢᠳᠡᠪᠬᠢᠲᠡᠶ ᠪᠠᠷ ᠪᠤᠢ ᠪᠣᠯᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠬᠦ ᠬᠡᠷᠡᠭᠲᠡᠶ᠃ ᠬᠤᠵᠢᠷᠯᠢᠭ ᠭᠠᠵᠠᠷ ᠢ ᠵᠠᠰᠠᠬᠤ ᠶᠠᠰᠤ ᠴᠢᠨᠠᠷ ᠪᠣᠯᠤᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ  ᠦᠢᠯᠡᠳᠪᠦᠷᠢᠯᠡᠯ ᠬᠢᠭᠡᠳ ᠠᠮᠢ ᠠᠬᠤᠶ ᠶᠢᠨ ᠬᠠᠮᠠᠭᠠᠯᠠᠯᠳᠠ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠬᠡᠷᠡᠭᠳᠡᠢ ᠭᠡᠵᠦ ᠵᠢᠭᠠᠨ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1