ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-15
      5 ᠰᠠᠷ᠎ᠠ ᠶᠢᠨ 13 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ  ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠥᠪᠯᠡᠯ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯᠳᠤᠭᠠᠨ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ ᠬᠢᠨᠠᠨ ᠶᠠᠷᠢᠯᠴᠠᠵᠤ ᠪᠠᠲᠤᠯᠠᠪᠠ᠃᡽2020 ᠣᠨ ᠤ ᠡᠯ᠎ᠡ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠭᠤᠣᠯ ᠵᠥᠪᠯᠡᠬᠦ ᠰᠡᠳᠦᠪ ᠤᠨ ᠲᠤᠬᠢᠷᠠᠭᠤᠯᠤᠯᠳᠠ ᠶᠢ ᠰᠤᠳᠤᠯᠤᠨ ᠶᠠᠷᠢᠯᠴᠠᠪᠠ︔ 2020 ᠣᠨ ᠤ ᠵᠥᠪᠯᠡᠬᠦ ᠰᠡᠳᠦᠪ ᠪᠠ ᠪᠠᠶᠢᠴᠠᠭᠠᠨ ᠰᠤᠳᠤᠯᠬᠤ ᠰᠡᠳᠦᠪ ᠢ ᠰᠤᠳᠤᠯᠤᠨ ᠶᠠᠷᠢᠯᠴᠠᠪᠠ︔ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠢᠭᠡᠳᠦᠭᠡᠷ ᠠᠯᠪᠠᠨ ᠭᠡᠷ ᠤᠨ ᠲᠦᠷᠪᠡᠨ ᠵᠥᠪᠯᠡᠯ ᠤᠨ 2020 ᠣᠨ ᠤ ᠠᠵᠢᠯ ᠤᠨ ᠲᠥᠯᠥᠪᠯᠡᠭᠡ ᠶᠢ ᠰᠣᠨᠣᠰᠴᠤ ᠶᠠᠷᠢᠯᠴᠠᠪᠠ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠬᠤ ᠶᠢᠨ ᠭᠡᠰᠢᠭᠦᠨ ᠪᠦᠬᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠪᠠ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠬᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠵᠢᠱᠢᠶ᠎ᠡ  ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠭᠡᠰᠢᠭᠦᠳ ᠤᠨ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠬᠥᠲᠥᠯᠥᠨ ᠵᠢᠯᠤᠭᠤᠳᠴᠦ᠂ ᠪᠣᠳᠠᠲᠠᠶ ᠶᠢ ᠡᠷᠬᠢᠮᠯᠡᠬᠦ ᠰᠤᠷᠲᠠᠯ᠂ ᠲᠡᠭᠦᠰ ᠲᠡᠭᠦᠯᠳᠡᠷ ᠵᠣᠷᠢᠭ ᠰᠠᠨᠠᠭ᠎ᠠ ᠪᠠᠷ ᠢᠳᠡᠪᠬᠢᠲᠡᠶ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠤᠰᠢᠶᠠᠯ ᠬᠠᠷᠢᠭᠤᠴᠠᠯᠭ᠎ᠠ ᠪᠠᠨ ᠭᠦᠴᠡᠳᠭᠡᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1