2020 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020-05-15
      ︽2020 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠮᠡᠳᠡᠭᠦᠯᠦᠨ ᠬᠦᠷᠭᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ︵ᠥᠪᠥᠷ ᠠᠷᠠᠳ ᠶᠠᠪᠤᠳᠠᠯ ᠲᠠᠷᠬᠠᠭᠠᠭᠰᠠᠨ ︹2020︺ 10 ᠳ᠋ᠤᠭᠠᠷ ᠲᠣᠭᠠᠲᠤ︶ ᠶᠣᠰᠣᠭᠠᠷ᠂ 2020 ᠣᠨ ᠤ ᠮᠠᠨ ᠤ ᠬᠤᠲᠠ ᠶᠢᠨ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ᠂ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠠᠷᠭᠠᠴᠠᠭᠠᠬᠤ᠂ ᠪᠠᠷᠠᠭ᠎ᠠ ᠶᠢᠨ ᠦᠨ᠎ᠡ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠵᠢᠱᠢᠯᠲᠡ ᠨᠡᠮᠡᠭᠳᠡᠯ ᠤᠨ ᠬᠡᠮᠵᠢᠶ᠎ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠭᠠᠲᠤ ᠵᠠᠬ᠎ᠠ ᠶᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠳᠠ ᠵᠡᠷᠭᠡ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠵᠤ᠂ ᠬᠤᠲᠠ ᠬᠥᠳᠡᠭᠡ ᠪᠠ ᠣᠷᠣᠨ ᠪᠦᠰᠡ ᠶᠢ ᠨᠢᠭᠡᠳᠦᠯᠲᠡᠢ ᠲᠥᠯᠥᠪᠯᠡᠬᠦ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠥᠷᠢᠶ᠎ᠡ ᠶᠢ ᠵᠣᠬᠢᠰᠲᠠᠢ ᠪᠠᠭᠠᠰᠬᠠᠪᠠ᠂ 2020 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠨᠢ ᠳᠣᠣᠷᠠᠬᠢ ᠮᠡᠲᠦ᠄      ᠨᠢᠭᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2019 ᠣᠨ ᠤ 725 ᠲᠥᠭᠦᠷᠢᠭ / ᠰᠠᠷ᠎ᠠ᠂ ᠬᠥᠮᠥᠨ ᠠᠴᠠ 755 ᠲᠥᠭᠦᠷᠢᠭ / ᠰᠠᠷ᠎ᠠ᠂ ᠬᠥᠮᠥᠨ ᠪᠤᠯᠭᠠᠵᠤ᠂ ᠰᠠᠷ᠎ᠠ ᠪᠦᠷᠢ 30 ᠲᠥᠭᠦᠷᠢᠭ ᠥᠰᠴᠦ᠂ 4.1% ᠳᠡᠭᠡᠭᠰᠢᠯᠡᠪᠡ᠃ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2019 ᠣᠨ ᠤ 6120 ᠲᠥᠭᠦᠷᠢᠭ / ᠵᠢᠯ᠂ ᠬᠥᠮᠥᠨ ︵510 ᠲᠥᠭᠦᠷᠢᠭ / ᠰᠠᠷ᠎ᠠ᠂ ᠬᠥᠮᠥᠨ︶ ᠠᠴᠠ 6504 ᠲᠥᠭᠦᠷᠢᠭ / ᠵᠢᠯ᠂ ᠬᠥᠮᠥᠨ ︵542 ᠲᠥᠭᠦᠷᠢᠭ / ᠰᠠᠷ᠎ᠠ᠂ ᠬᠥᠮᠥᠨ︶ ᠪᠣᠯᠭᠠᠵᠤ᠂ ᠰᠠᠷ᠎ᠠ ᠪᠦᠷᠢ 32 ᠲᠥᠭᠦᠷᠢᠭ ᠥᠰᠴᠦ᠂ 6.2% ᠳᠡᠭᠡᠭᠰᠢᠯᠡᠪᠡ᠃        ᠦᠨᠳᠦᠰᠦ ᠪᠠᠷᠢᠮᠲᠠ᠄      ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠨ ᠬᠠᠷᠢᠶ᠎ᠠ ᠬᠤᠲᠠ ᠪᠤᠶᠤ ᠲᠣᠭᠤᠷᠢᠭ ᠲᠠᠢ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠳᠤ ᠵᠠᠪᠠᠯ ᠱᠠᠭᠠᠷᠳᠠᠭᠳᠠᠬᠤ ᠵᠠᠷᠤᠳᠠᠯ ᠢ ᠦᠨᠳᠦᠰᠦᠯᠡᠨ ᠲᠣᠭᠲᠠᠭᠠᠵᠤ ᠨᠡᠶᠢᠲᠡᠯᠡᠬᠦ ᠶᠢᠨ ᠬᠠᠮᠲᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠣᠯᠣᠨ ᠪᠠᠷᠠᠭᠠᠨ ᠤ ᠦᠨ᠎ᠡ ᠶᠢᠨ ᠬᠤᠪᠢᠷᠠᠯᠲᠠ ᠶᠢᠨ ᠪᠠᠶᠢᠳᠠᠯ ᠳᠤ ᠲᠣᠬᠢᠷᠠᠭᠤᠯᠤᠨ ᠲᠣᠬᠢᠷᠠᠭᠤᠯᠤᠯᠲᠠ ᠬᠢᠬᠦ ᠬᠡᠷᠡᠭᠲᠡᠢ᠃ ᠮᠠᠨ ᠤ ᠬᠤᠲᠠ ᠳᠠᠬᠢᠨ ᠳᠠᠪᠲᠠᠨ ᠬᠡᠮᠵᠢᠨ ᠪᠣᠳᠣᠭᠰᠠᠨ ᠤ ᠳᠠᠷᠠᠭ᠎ᠠ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 4.1% ᠪᠠ 6.2% ᠢᠶᠠᠷ ᠵᠣᠬᠢᠰᠲᠠᠢ ᠳᠡᠭᠡᠭᠰᠢᠯᠡᠭᠦᠯᠪᠡ᠃      ᠬᠤᠶᠠᠷ᠂ ᠣᠨᠴᠠ ᠬᠦᠴᠢᠷᠳᠡᠯᠲᠡᠢ ᠬᠦᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠭᠦᠯᠪᠡ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠨ ᠢ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ 2019 ᠣᠨ ᠤ 7980 ᠲᠥᠭᠦᠷᠢᠭ / ᠵᠢᠯ᠂ ᠬᠥᠮᠥᠨ ︵665 ᠲᠥᠭᠦᠷᠢᠭ / ᠰᠠᠷ᠎ᠠ᠂ ᠬᠥᠮᠥᠨ︶ ᠠᠴᠠ 8460 ᠲᠥᠭᠦᠷᠢᠭ / ᠵᠢᠯ᠂ ᠬᠥᠮᠥᠨ ︵705 ᠲᠥᠭᠦᠷᠢᠭ / ᠰᠠᠷ᠎ᠠ᠂ ᠬᠥᠮᠥᠨ︶ ᠪᠤᠯᠭᠠᠵᠤ᠂ ᠰᠠᠷ᠎ᠠ ᠪᠦᠷᠢ 40 ᠲᠥᠭᠦᠷᠢᠭ ᠥᠰᠴᠦ᠂ 6% ᠳᠡᠭᠡᠭᠰᠢᠯᠡᠪᠡ᠃ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠨ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ 2019 ᠣᠨ ᠤ 9780 ᠲᠥᠭᠦᠷᠢᠭ / ᠵᠢᠯ᠂ ᠬᠥᠮᠥᠨ ︵815 ᠲᠥᠭᠦᠷᠢᠭ / ᠰᠠᠷ᠎ᠠ᠂ ᠬᠥᠮᠥᠨ︶ ᠠᠴᠠ 10020 ᠲᠥᠭᠦᠷᠢᠭ / ᠵᠢᠯ᠂ ᠬᠥᠮᠥᠨ ︵835 ᠲᠥᠭᠦᠷᠢᠭ / ᠰᠠᠷ᠎ᠠ᠂ ᠬᠥᠮᠥᠨ︶ ᠪᠣᠯᠭᠠᠵᠤ᠂ ᠰᠠᠷ᠎ᠠ ᠪᠦᠷᠢ 20 ᠲᠥᠭᠦᠷᠢᠭ ᠥᠰᠴᠦ᠂ 2.5% ᠳᠡᠭᠡᠭᠰᠢᠯᠡᠪᠡ᠃      ᠦᠨᠳᠦᠰᠦ ᠪᠠᠷᠢᠮᠲᠠ᠄      ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠤᠨ ︽ᠣᠨᠴᠠ ᠬᠦᠴᠢᠷᠳᠡᠯᠲᠡᠢ ᠬᠦᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠤᠰ ᠭᠠᠵᠠᠷ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠵᠢᠴᠢ ᠡᠯ᠎ᠡ ᠭᠠᠵᠠᠷ ᠣᠷᠣᠨ ᠤ ᠨᠢᠭᠡᠨᠲᠡ ᠬᠡᠷᠡᠭᠵᠢᠭᠦᠯᠦᠭᠰᠡᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠨ ᠤ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ 8460 ᠲᠥᠭᠦᠷᠢᠭ / ᠵᠢᠯ᠂ ᠬᠥᠮᠥᠨ ︵6504 × 1. 3=8455.2︶ ᠢᠶᠠᠷ ᠲᠣᠭᠲᠠᠭᠠᠵᠤ᠂ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ ᠵᠣᠬᠢᠰᠲᠠᠢ ᠲᠣᠬᠢᠷᠠᠭᠤᠯᠵᠤ᠂ 10020 ᠲᠥᠭᠦᠷᠢᠭ / ᠵᠢᠯ᠂ ᠬᠥᠮᠥᠨ ᠪᠣᠯᠭᠠᠵᠤ ᠥᠰᠬᠡᠪᠡ᠃      ᠭᠤᠷᠪᠠ᠂ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠪᠠ ᠣᠨᠴᠠ ᠬᠦᠴᠢᠷᠳᠡᠯᠲᠡᠢ ᠬᠦᠮᠦᠰ ᠢ ᠬᠠᠷᠠᠭᠠᠯᠵᠠᠨ ᠠᠰᠠᠷᠠᠨ ᠰᠤᠪᠢᠯᠠᠬᠤ ᠪᠠᠷᠢᠮᠵᠢᠶ᠎ᠠ ᠶᠢ ᠬᠤᠪᠢᠷᠠᠭᠤᠯᠬᠤ ᠦᠭᠡᠢ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠢ ᠬᠥᠮᠥᠨ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ 1600 ᠲᠥᠭᠦᠷᠢᠭ / ᠰᠠᠷ᠎ᠠ᠂ ᠬᠥᠮᠥᠨ᠂ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ 1200 ᠲᠥᠭᠦᠷᠢᠭ / ᠰᠠᠷ᠎ᠠ᠂ ᠬᠥᠮᠥᠨ ᠢ ᠬᠤᠪᠢᠷᠠᠭᠤᠯᠬᠤ ᠦᠭᠡᠢ᠃ ᠣᠨᠴᠠ ᠬᠦᠴᠢᠷᠳᠡᠯᠲᠡᠢ ᠪᠦᠬᠦ ᠴᠢᠳᠠᠪᠤᠷᠢ ᠪᠠᠨ ᠠᠯᠳᠠᠭᠰᠠᠨ ᠬᠥᠮᠥᠨ ᠢ ᠬᠠᠷᠠᠭᠠᠯᠵᠠᠨ ᠠᠰᠠᠷᠠᠨ ᠰᠤᠪᠢᠯᠠᠬᠤ ᠪᠠᠷᠢᠮᠵᠢᠶ᠎ᠠ 1066 ᠲᠥᠭᠦᠷᠢᠭ / ᠰᠠᠷ᠎ᠠ᠂ ᠬᠥᠮᠥᠨ᠂ ᠬᠠᠭᠠᠰ ᠴᠢᠳᠠᠪᠤᠷᠢ ᠪᠠᠨ ᠠᠯᠳᠠᠭᠰᠠᠨ ᠬᠦᠮᠦᠨ ᠢ ᠠᠰᠠᠷᠠᠨ ᠰᠣᠪᠢᠯᠠᠬᠤ ᠪᠠᠷᠢᠮᠵᠢᠶ᠎ᠠ 496 ᠲᠥᠭᠦᠷᠢᠭ / ᠰᠠᠷ᠎ᠠ᠂ ᠬᠥᠮᠥᠨ ᠬᠤᠪᠢᠷᠠᠬᠤ ᠦᠭᠡᠢ      ᠦᠨᠳᠦᠰᠦ ᠪᠠᠷᠢᠮᠲᠠ᠄      ᠬᠤᠲᠠ ᠪᠠᠯᠭᠠᠰᠤ ᠶᠢᠨ ᠣᠨᠴᠠ ᠬᠦᠴᠢᠷᠳᠡᠯᠲᠡᠢ ᠬᠦᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠨᠢᠭᠡᠨᠲᠡ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠢ ᠳᠠᠪᠠᠭᠰᠠᠨ ᠤᠴᠢᠷ ᠠᠴᠠ ᠲᠦᠷ ᠬᠤᠪᠢᠷᠠᠭᠤᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠤᠨ ︽ᠪᠦᠬᠦ ᠪᠠ ᠬᠡᠰᠡᠭ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠣᠨᠴᠠ ᠬᠦᠴᠢᠷᠳᠡᠯᠲᠡᠢ ᠬᠦᠮᠦᠰ ᠢ ᠬᠠᠷᠠᠭᠠᠯᠵᠠᠨ ᠠᠰᠠᠷᠠᠨ ᠰᠤᠪᠢᠯᠠᠬᠤ ᠪᠠᠷᠢᠮᠵᠢᠶ᠎ᠠ ᠶᠢ ᠲᠤᠰ ᠲᠤᠰ ᠪᠦᠬᠦ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠳᠤᠮᠳᠠᠴᠢ ᠲᠤᠭ᠎ᠠ ᠶᠢᠨ 65% ᠪᠠ 25% ᠪᠠᠷ ᠲᠣᠭᠲᠠᠭᠠᠬᠤ ᠶᠢᠨ ᠬᠠᠮᠲᠤ᠂ ᠡᠯ᠎ᠡ ᠭᠠᠵᠠᠷ ᠣᠷᠣᠨ ᠤ ᠨᠢᠭᠡᠨᠲᠡ ᠬᠡᠷᠡᠭᠵᠢᠭᠦᠯᠦᠭᠰᠡᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ ᠱᠠᠭᠠᠷᠳᠠᠯᠭ᠎ᠠ ᠶᠣᠰᠣᠭᠠᠷ᠂ 2017 ᠣᠨ ᠠᠴᠠ ᠨᠠᠭᠠᠰᠢᠬᠢ ᠪᠦᠬᠦ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠬᠤᠪᠢᠷᠠᠭᠰᠠᠨ ᠦᠭᠡᠢ ᠤᠴᠢᠷ ᠠᠴᠠ ᠲᠦᠷ ᠨᠡᠮᠡᠭᠳᠡᠭᠦᠯᠬᠦ ᠦᠭᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1