ᠲᠤᠭᠳᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵2020 ᠣᠨ ᠤ 14  ᠳ᠋ᠤᠭᠡᠷ ᠤᠳᠠᠭᠠᠨ ᠤ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠪᠥᠬᠦ ᠰᠢᠶᠠᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-05-16
      5 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵2020︶ ᠤᠨ 14 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 12 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳ᠋ᠦᠨᠬᠤᠸᠠᠩ ᠤᠨ ᠰᠤᠳᠤᠯᠭᠠᠨ ᠤ ᠬᠦᠷᠢᠶᠡᠯᠡᠩ ᠳᠤ ᠶᠠᠷᠢᠯᠴᠠᠬᠤ ᠦᠶ᠎ᠡ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠪᠣᠯᠤᠨ ᠠᠤᠬᠠᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠦ᠂ ᠲᠤᠭᠳᠠᠬᠤ ᠰᠢᠶᠠᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠤᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭᠳᠠᠬᠤ ᠰᠢᠶᠠᠨ ᠥᠨᠢ ᠤᠳᠠᠭᠠᠨ ᠲᠡᠤᠬᠡ ᠲᠠᠢ᠂ ᠰᠣᠶᠣᠯ ᠤᠨ ᠰᠠᠭᠤᠷᠢ ᠭᠦᠨ ᠵᠤᠵᠠᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠨᠢ ᠡᠯᠪᠡᠭ ᠪᠠᠶᠠᠯᠢᠭ ᠦᠯᠡᠳᠡᠭᠳᠡᠵᠦ᠂ ᠰᠢᠨ᠎ᠡ ᠴᠢᠯᠠᠭᠤᠨ ᠵᠡᠪᠰᠡᠭ ᠤᠨ  ᠦᠶ᠎ᠡ ᠶᠢᠨ ︽ᠬᠠᠶᠢᠯᠠᠰᠤᠨ ᠪᠤᠯᠠᠭ ᠰᠣᠶᠣᠯ︾ ᠤᠨ ᠪᠠᠭᠤᠷᠢ᠂ ᠪᠠᠶᠢᠯᠳᠤᠭᠠᠨᠲᠤ ᠤᠯᠤᠰ ᠤᠨ ᠪᠠᠶᠢᠭᠤᠯᠤᠭᠰᠠᠨ ᠶᠦᠨ ᠵᠥᠩ ᠡᠷᠲᠡᠨ ᠤ ᠬᠤᠲᠠ᠂ ᠴᠢᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠵᠢᠶᠦ᠋ᠨ ᠰᠢᠶᠠᠨ᠂ ᠲᠠᠩ ᠤᠯᠤᠰ ᠤᠨ ᠦᠶ᠎ᠡ ᠶᠢᠨ ᠬᠢᠯᠢ ᠶᠢᠨ ᠴᠠᠶᠢᠵᠠ ᠶᠢᠨ ᠵᠡᠭᠦᠨ ᠬᠡᠰᠡᠭ ᠤᠨ ᠪᠠᠭᠤᠵᠤ ᠥᠭᠭᠦᠭᠰᠡᠨ ᠬᠤᠲᠠ ᠪᠠ ᠯᠢᠶᠣᠤ ᠤᠯᠤᠰ᠂ ᠶᠢᠨ ᠤᠯᠤᠰ᠂ ᠶᠤᠸᠠᠨ ᠤᠯᠤᠰ ᠤᠨ ᠦᠶ᠎ᠡ ᠶᠢᠨ ᠶᠦᠨ ᠨᠸᠢ ᠵᠧᠤ᠂ ᠳ᠋ᠦᠩ ᠱᠧᠩ ᠵᠧᠤ ᠵᠢᠴᠢ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠤᠰᠤᠨ ᠭᠠᠷᠠᠮ ᠾᠧ ᠺᠸᠤ ᠡᠷᠲᠡᠨ ᠤ ᠪᠠᠯᠭᠠᠰᠤ ᠪᠣᠯᠤᠨ᠎ᠠ᠃ ᠰᠢᠶᠠᠨ ᠤ ᠬᠢᠯᠢ ᠳᠣᠲᠣᠷ᠎ᠠ ᠰᠢᠯᠵᠢᠭᠦᠯᠵᠦ ᠪᠣᠯᠤᠰᠢ ᠦᠭᠡᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠶᠢᠨ ᠨᠢᠭᠡᠴᠡ 108 ᠪᠠᠶᠢᠵᠤ᠂ ᠡᠭᠦᠨ ᠳᠤ ᠪᠦᠬᠦ ᠤᠯᠤᠰ ᠠᠴᠠ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ 1᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ 7᠂ ᠬᠤᠲᠠ ᠰᠢᠶᠠᠨ ᠤ ᠱᠠᠲᠤᠨ ᠤ ᠲᠡᠤᠬᠡ ᠶᠢᠨ ᠳᠤᠷᠠᠰᠬᠠᠯᠲᠤ  ᠵᠦᠢᠯ ᠢᠶᠠᠷ ᠬᠠᠮᠠᠭᠠᠯᠠᠭᠳᠠᠬᠤ ᠨᠢᠭᠡᠴᠡ 7 ᠪᠠᠶᠢᠵᠤ᠂ ᠰᠢᠶᠠᠨ ᠤ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ  ᠵᠦᠢᠯ ᠨᠡᠶᠢᠲᠡ 2953 ᠢᠵᠢ ᠪᠠᠶᠢᠨ᠎ᠠ᠃ ᠡᠳᠡᠭᠡᠷ ᠲᠡᠤᠬᠡ ᠶᠢᠨ ᠦᠯᠡᠳᠡᠭᠳᠡᠯ ᠲᠡᠤᠬᠡ ᠶᠢᠨ ᠳᠤᠷᠠᠰᠬᠠᠯᠲᠤ ᠵᠦᠢᠯᠰ ᠪᠣᠯᠤᠨ ᠪᠠᠭᠤᠷᠢ ᠪᠣᠯ ᠲᠤᠭᠳᠠᠬᠤ ᠰᠢᠶᠠᠨ ᠤ ᠬᠥᠭᠵᠢᠯᠲᠡ ᠶᠢᠨ ᠲᠡᠤᠬᠡᠨ ᠭᠡᠷᠡᠴᠢ ᠪᠣᠯᠤᠨ᠎ᠠ᠃ ᠵᠢᠭᠤᠯᠴᠢᠯᠠᠯ ᠤᠨ ᠨᠡᠷᠡᠲᠦ ᠰᠢᠶᠠᠨ᠂ ᠰᠣᠶᠣᠯ ᠤᠨ ᠲᠣᠮᠣ ᠰᠢᠶᠠᠨ ᠢ ᠪᠠᠶᠢᠭᠤᠯᠬᠤ ᠳᠤ ᠳᠤᠲᠠᠭᠳᠠᠵᠤ ᠪᠣᠯᠤᠰᠢ ᠦᠭᠡᠢ ᠵᠠᠩᠭᠢᠯᠠᠭ᠎ᠠ ᠶᠢᠨ ᠡᠯᠧᠮᠧᠨ᠋ᠲ ᠪᠣᠯᠤᠨ᠎ᠠ᠂ ᠲᠡᠤᠬᠡ ᠶᠢᠨ ᠳᠤᠷᠠᠰᠬᠠᠯᠲᠤ ᠵᠦᠢᠯᠰ ᠢ ᠬᠠᠮᠠᠭᠠᠯᠠᠬᠤ᠂ ᠰᠡᠯᠪᠢᠨ ᠵᠠᠰᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠪᠣᠯ ᠮᠠᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠲᠤᠷᠠᠰᠬᠠᠯᠳᠦ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠡᠦᠬᠡ ᠰᠣᠶᠣᠯ ᠤᠨ ᠥᠪ ᠬᠥᠷᠥᠩᠭᠡ ᠪᠣᠯ ᠳᠠᠬᠢᠨ ᠡᠭᠦᠰᠴᠦ ᠪᠣᠯᠤᠰᠢ ᠦᠭᠡᠢ᠂ ᠣᠷᠣᠯᠠᠭᠤᠯᠵᠤ ᠪᠣᠯᠤᠰᠢ ᠦᠭᠡᠢ ᠬᠤᠪᠣᠷ ᠨᠠᠨᠳᠢᠨ ᠡᠬᠢ ᠪᠠᠶᠠᠯᠢᠭ ᠮᠥᠨ ᠭᠡᠳᠡᠭ ᠢ ᠭᠦᠨᠵᠡᠭᠡᠶ ᠲᠠᠨᠢᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠣᠯ ᠰᠣᠶᠣᠯ ᠤᠨ ᠢᠲᠡᠭᠡᠯ ᠢᠶᠠᠨ ᠪᠠᠲᠤᠳᠬᠠᠵᠤ ᠪᠠᠶᠢᠭ᠎ᠠ ᠶᠠᠪᠤᠳᠠᠯ ᠪᠣᠯᠤᠨ᠎ᠠ᠃ ᠳᠠᠷᠤᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠂ ᠮᠥᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠡᠭᠡᠳᠦ ᠬᠡᠮᠵᠢᠶᠡᠨ ᠠᠴᠠ ᠲᠡᠤᠬᠡ ᠶᠢᠨ ᠳᠤᠷᠠᠰᠬᠠᠯᠲᠤ  ᠵᠦᠢᠯᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠣᠨᠴᠠᠭᠠᠶ ᠴᠢᠬᠤᠯᠠ ᠴᠢᠨᠠᠷ ᠢ ᠪᠠᠲᠤ ᠡᠵᠡᠮᠳᠡᠵᠦ᠂ ᠲᠡᠤᠬᠡ ᠶᠢᠨ ᠳᠤᠷᠠᠰᠬᠠᠯᠲᠤ ᠵᠦᠢᠯᠰ ᠢ ᠬᠠᠮᠠᠭᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠦ᠂ ᠲᠤᠭᠳᠠᠬᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠡᠦᠬᠡ ᠶᠢᠨ ᠲᠤᠷᠠᠰᠬᠠᠯᠳᠦ ᠵᠦᠢᠯᠡᠰ ᠢ ᠬᠠᠮᠠᠭᠠᠯᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ᠂ ᠬᠤᠲᠠ ᠶᠢᠨ ᠥᠭᠡᠷᠡᠴᠢᠯᠡᠯᠲᠡ ᠰᠣᠶᠣᠯ ᠵᠢᠭᠤᠯᠴᠢᠯᠠᠯ ᠤᠨ ᠨᠡᠭᠡᠭᠡᠯᠲᠡ ᠪᠣᠯᠤᠨ ᠲᠡᠤᠬᠡ ᠰᠣᠶᠣᠯ ᠤᠨ ᠥᠪ ᠤᠨ ᠬᠠᠮᠠᠭᠠᠯᠠᠯᠳᠠ ᠠᠰᠢᠭᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠠᠮᠠᠭᠠᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠬᠠᠮᠠᠭᠠᠯᠠᠬᠤ ᠶᠢ ᠦᠨᠡᠨ ᠬᠦ ᠪᠡᠶᠡᠯᠡᠭᠦᠯᠦᠨ᠎ᠡ᠃ ᠡᠭᠦᠨ ᠤ ᠬᠠᠮᠲᠤ ︽ᠤᠯᠠᠭᠠᠨᠬᠠᠳᠠ ᠬᠤᠲᠠ ᠶᠢᠨ ᠯᠢᠶᠣᠤ ᠤᠯᠤᠰ ᠤᠨ ᠦᠶ᠎ᠡ ᠶᠢᠨ ᠴᠠᠭᠠᠨ ᠰᠤᠪᠤᠷᠭ᠎ᠠ ᠶᠢ ᠰᠡᠯᠪᠢᠨ ᠵᠠᠰᠠᠵᠤ ᠬᠠᠮᠠᠭᠠᠯᠠᠬᠤ︾ ᠠᠰᠠᠭᠤᠳᠠᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠲᠤᠭᠳᠠᠬᠤ ᠰᠢᠶᠠᠨ ᠤ ᠲᠡᠤᠬᠡ ᠶᠢᠨ ᠳᠤᠷᠠᠰᠬᠠᠯᠲᠤ ᠵᠦᠢᠯᠰ᠂ ᠪᠠᠭᠤᠷᠢ ᠶᠢ ︽ᠰᠡᠯᠪᠢᠨ ᠵᠠᠰᠠᠬᠤ︾᠂ ︽ᠬᠠᠮᠠᠭᠠᠯᠠᠬᠤ︾᠂ ︽ᠬᠥᠭᠵᠢᠯᠲᠡ︾ ᠪᠠ ︽ᠣᠷᠳᠣ ᠬᠤᠭᠤᠴᠠᠭᠠᠨ ᠤ ᠪᠦᠲᠦᠮᠵᠢᠲᠡᠶ︾ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠠᠵᠢᠯᠲᠠᠨ ᠤ ᠲᠣᠬᠢᠷᠠᠭᠤᠯᠤᠯᠲᠠ ᠪᠠᠨ ᠲᠦᠷᠭᠡᠬᠡᠨ ᠨᠥᠬᠦᠪᠥᠷᠢᠯᠡᠵᠦ᠂ ᠬᠥᠮᠦᠨ ᠤ ᠬᠦᠴᠦ᠂ ᠪᠣᠳᠠᠰ ᠤᠨ ᠬᠦᠴᠦᠨ ᠤ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠣᠳᠣ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯᠰ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠡᠯᠪᠢᠨ ᠵᠠᠰᠠᠵᠤ᠂ ᠲᠡᠤᠬᠡ ᠶᠢᠨ ᠳᠤᠷᠠᠰᠬᠠᠯᠲᠤ ᠵᠦᠢᠯᠰ ᠤᠨ ᠬᠠᠮᠠᠭᠠᠯᠠᠯᠲᠠ ᠪᠣᠯᠤᠨ ᠬᠠᠮᠢᠶᠠᠷᠤᠯᠲᠠ ᠶᠢ ᠪᠠᠶᠢᠩᠭᠤᠵᠢᠭᠤᠯᠬᠤ᠂ ᠤᠳᠠᠭᠠᠨ ᠪᠦᠲᠦᠮᠵᠢᠲᠡᠶ ᠪᠣᠯᠭᠠᠬᠤ ᠶᠢ ᠪᠦᠬᠦ ᠬᠦᠴᠦᠨ ᠢᠶᠠᠷ ᠠᠬᠢᠭᠤᠯᠵᠤ᠂  ᠲᠤᠭᠳᠠᠬᠤ ᠰᠢᠶᠠᠨ ᠤ ᠲᠡᠤᠬᠡ ᠶᠢᠨ ᠲᠤᠷᠠᠰᠬᠠᠯᠳᠦ ᠵᠦᠢᠯᠰ ᠤᠨ ᠬᠠᠮᠠᠭᠠᠯᠠᠯᠲᠠ ᠪᠣᠯᠤᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠭᠳᠠᠬᠤ ᠰᠢᠶᠠᠨ ᠳᠤ ᠰᠣᠶᠣᠯ ᠤᠨ ᠲᠣᠮᠣ ᠰᠢᠶᠠᠨ᠂ ᠵᠢᠭᠤᠯᠴᠢᠯᠠᠯ ᠤᠨ ᠨᠡᠷᠡᠲᠦ ᠰᠢᠶᠠᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠭᠡᠪᠡ᠃      ᠰᠢᠶᠠᠨ ᠤ ᠤᠳᠤᠷᠢᠳᠤᠯᠭ᠎ᠠ ᠵᠤᠤ ᠯᠢ ᠮᠢᠨ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ ᠬᠤᠷᠠᠯ ᠳᠤ ᠤᠷᠤᠯᠴᠠᠪᠠ︔ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠪᠠ︔
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1