2020 ᠣᠨ ᠳᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠨᠯᠳᠤᠭᠤᠯᠪᠠ
ᠨᠡᠶᠢᠲᠡᠯᠡᠭᠰᠡᠨ ᠴᠠᠭ᠄
2020-05-17
      5 ᠰᠠᠷ᠎ᠠ ᠶᠢᠨ 13 ᠤ ᠡᠳᠦᠷ᠂ 2020 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᡁᠢ ᠢᠦᠢ ᠬᠤᠷᠠᠯ ᠳᠤ ᠤᠷᠤᠯᠴᠠᠪᠠ᠃ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶᠠᠨ ᠤ ᠪᠦᠷᠢᠯᠳᠦᠬᠦᠨ ᠵᠢᠴᠢ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ 2019 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ   ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ 2020 ᠣᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠪᠠᠬᠢᠵᠢᠭᠦᠯᠵᠦ᠂ ᠲᠠᠰᠤᠷᠠᠯᠲᠠ ᠦᠭᠡᠢ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠭᠦᠨᠵᠡᠭᠡᠶ᠂ ᠪᠦᠬᠦ ᠲᠠᠯ᠎ᠠ ᠶᠢᠨ᠂ ᠰᠢᠰᠲ᠋ᠧᠮ ᠲᠠᠢ ᠰᠤᠷᠤᠯᠴᠠᠯᠭ᠎ᠠ ᠶᠢ ᠠᠬᠢᠭᠤᠯᠬᠤ ᠬᠡᠷᠡᠭᠲᠡᠶ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ  ᠢ ᠴᠢᠩᠭ᠎ᠠ ᠰᠠᠬᠢᠵᠤ᠂ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠨᠢ ︽2020 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ︽ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠵᠢᠴᠢ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠲᠥᠯᠥᠪᠯᠡᠭᠡ ︵2020 — 2022 ᠣᠨ︶ ᠶᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠴᠠᠭᠠᠷᠢᠭ ᠢ ᠪᠢᠲᠡᠭᠦᠮᠵᠢᠯᠡᠬᠦ ᠠᠵᠢᠯ ᠤᠨ ᠠᠷᠭ᠎ᠠ︾᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠴᠢᠨᠠᠷ ᠰᠠᠶᠢᠲᠠᠶ ᠨᠠᠮ ᠤᠨ ᠭᠡᠰᠢᠭᠦᠨ ᠺᠠᠳᠠᠷ ᠤᠨ ᠡᠩᠨᠡᠭᠡ ᠶᠢ ᠪᠠᠶᠢᠭᠤᠯᠵᠤ᠂ ᠴᠢᠨᠠᠷ ᠰᠠᠶᠢᠲᠠᠶ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠤᠨ᠎ᠠ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠰᠢᠶᠠᠨ ᠤ ︽ᠰᠤᠷᠲᠠᠯ ᠢᠶᠠᠨ ᠬᠤᠪᠢᠷᠠᠭᠤᠯᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠂ ᠵᠣᠷᠢᠭᠲᠠᠶ ᠡᠭᠦᠷᠭᠡᠯᠡᠬᠦ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠢᠳᠠᠪᠤᠷᠢᠵᠢᠭᠤᠯᠬᠤ᠂ ︽ᠳᠣᠯᠤᠭ᠎ᠠ ᠶᠢ ᠡᠪᠳᠡᠵᠦ ᠳᠣᠯᠤᠭ᠎ᠠ ᠶᠢ ᠪᠠᠶᠢᠭᠤᠯᠬᠤ︾ ᠶᠢ ᠪᠠᠷᠢᠮᠲᠠᠯᠠᠵᠤ᠂ ︽ᠡᠭᠦᠷᠢᠳᠡ ᠵᠤᠬᠰᠤᠰᠢ ᠦᠭᠡᠶ ᠪᠠᠷᠢᠮᠲᠠᠯᠠᠯ︾ ᠢᠶᠠᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠠᠳᠬᠤᠵᠤ᠂  ᠨᠠᠷᠢᠨ ᠠᠳᠬᠤᠵᠤ᠂ ᠪᠣᠳᠠᠲᠠᠶ ᠠᠳᠬᠤᠵᠤ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠢ ᠰᠡᠳᠬᠢᠯ ᠬᠠᠨᠤᠮᠵᠢᠲᠠᠶ ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ ᠪᠠᠶᠢᠭᠤᠯᠤᠨ᠎ᠠ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1