ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠲᠤᠭᠳᠠᠬᠤ ᠰᠢᠶᠠᠨ ᠳᠤ ᠮᠤᠷᠢᠯᠠᠨ ᠰᠠᠭᠠᠳᠠᠵᠦ ᠮᠦᠽᠸᠢ ᠶᠢᠨ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠪᠠ ᠬᠤᠪᠢᠰᠬᠠᠯ ᠤᠨ ᠪᠠᠭᠤᠷᠢ ᠶᠢ ᠬᠠᠮᠠᠭᠠᠯᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-05-20
      5 ᠰᠠᠷ᠎ᠠ ᠶᠢᠨ 18 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠺᠦᠶ ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠳᠠᠭᠠᠭᠤᠯᠤᠨ ᠲᠤᠭᠳᠠᠬᠤ ᠰᠢᠶᠠᠨ ᠳᠤ ᠢᠷᠡᠵᠦ ᠮᠦᠽᠧᠶ ᠶᠢᠨ  ᠪᠦᠳᠦᠭᠡᠨ ᠪᠠᠶᠢᠭᠤᠯᠤᠯᠲᠠ ᠶᠢᠨ ᠠᠰᠢᠭᠯᠠᠯᠲᠠ ᠪᠠ ᠬᠤᠪᠢᠰᠬᠠᠯ ᠤᠨ ᠪᠠᠭᠤᠷᠢ ᠶᠢ ᠬᠠᠮᠠᠭᠠᠯᠠᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ᠂ ᠳᠡᠳ᠋ ᠲᠡᠷᠢᠭᠦᠯᠡᠭᠴᠢ ᠵᠠᠶ ᠱᠦ ᠵᠢᠶᠧ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠶᠠᠨ ᠤ ᠮᠦᠽᠧᠶ ᠪᠣᠯᠤᠨ ᠶᠦᠨ ᠵᠥᠩ ᠠᠷᠢᠬᠢᠨ ᠤ  ᠦᠢᠯᠡᠰ ᠤᠨ ᠺᠣᠮᠫᠠᠨᠢ ᠳᠤ ᠬᠦᠷᠴᠦ ᠪᠠᠶᠢᠴᠠᠭᠠᠯᠲᠠ ᠬᠢᠵᠡᠶ᠃ ᠡᠨᠡ ᠬᠤᠭᠤᠴᠠᠭᠠᠨ ᠳᠤ᠂ ᠭᠡᠰᠢᠭᠦᠳ ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠦᠰᠦᠭ ᠪᠢᠴᠢᠭ ᠤᠨ ᠲᠠᠨᠢᠯᠴᠠᠭᠤᠯᠭ᠎ᠠ᠂ ᠭᠡᠷᠡᠯ ᠵᠢᠷᠤᠭ ᠪᠣᠯᠤᠨ ᠬᠤᠪᠣᠷ ᠨᠠᠨᠳᠢᠨ  ᠪᠣᠳᠠᠰ ᠢ ᠰᠣᠨᠢᠷᠬᠠᠨ ᠦᠵᠡᠵᠦ᠂ ᠲᠤᠭᠳᠠᠬᠤ ᠰᠢᠶᠠᠨ ᠤ ᠲᠡᠤᠬᠡ ᠰᠣᠶᠣᠯ ᠤᠨ ᠠᠭᠤᠯᠬᠤᠨ ᠢ ᠭᠦᠢᠴᠡᠳ ᠣᠶᠢᠯᠠᠭᠠᠪᠠ᠃ ᠣᠯᠠᠨ ᠢᠶᠠᠷ ᠢᠶᠠᠨ ᠢᠳᠡᠪᠬᠢᠲᠡᠢ ᠶᠠᠷᠢᠯᠴᠠᠵᠤ᠂ ᠲᠤᠭᠳᠠᠬᠤ ᠰᠢᠶᠠᠨ ᠤ ᠮᠦᠽᠧᠶ᠂ ᠬᠤᠪᠢᠰᠬᠠᠯ ᠤᠨ ᠪᠠᠭᠤᠷᠢ ᠶᠢᠨ ᠬᠠᠮᠠᠭᠠᠯᠠᠯᠲᠠ ᠶᠢᠨ ᠳᠤᠮᠳᠠ ᠣᠷᠣᠰᠢᠵᠤ ᠪᠠᠶᠢᠭ᠎ᠠ ᠭᠤᠤᠯ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠭᠠᠨ᠂ ᠣᠯᠠᠨ ᠤ ᠠᠷᠭ᠎ᠠ ᠤᠬᠠᠭᠠᠨ ᠢ  ᠲᠦᠪᠯᠡᠷᠡᠭᠦᠯᠵᠦ᠂ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠬᠠᠮᠲᠤ ᠪᠠᠷ ᠵᠦᠪᠳᠠᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠲᠤᠭᠳᠠᠬᠤ ᠰᠢᠶᠠᠨ ᠤ ᠮᠦᠽᠧᠶ ᠶᠢ ᠪᠦᠲᠦᠭᠡᠨ ᠪᠠᠶᠢᠭᠤᠯᠵᠤ ᠠᠰᠢᠭᠯᠠᠬᠤ ᠪᠠ ᠬᠤᠪᠢᠰᠬᠠᠯ ᠤᠨ ᠪᠠᠭᠤᠷᠢ ᠶᠢ ᠬᠠᠮᠠᠭᠠᠯᠠᠵᠤ ᠠᠰᠢᠭᠯᠠᠬᠤ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠳᠠᠯᠠᠵᠦ᠂ ᠲᠡᠤᠬᠡ ᠰᠣᠶᠣᠯ ᠢ ᠬᠠᠮᠠᠭᠠᠯᠠᠨ ᠵᠠᠯᠭᠠᠮᠵᠢᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠳᠡᠢ᠊ ᠭᠡᠵᠦ ᠴᠢᠬᠤᠯᠠᠴᠢᠯᠠᠪᠠ᠃ ᠲᠡᠦᠬᠡ ᠶᠢ ᠭᠦᠢᠴᠡᠳ ᠬᠦᠨᠳᠦᠳᠬᠡᠵᠦ᠂ ᠪᠠᠭᠤᠷᠢ ᠶᠢ ᠰᠠᠶᠢᠲᠤᠷ ᠬᠠᠮᠠᠭᠠᠯᠠᠵᠤ᠂ ᠲᠡᠤᠬᠡ ᠰᠣᠶᠣᠯ ᠤᠨ ᠥᠪ ᠪᠣᠯᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠨᠡᠭᠡᠭᠡᠨ ᠠᠰᠢᠭᠯᠠᠵᠦ᠂ ᠠᠷᠠᠳ ᠠᠴᠠ ᠡᠷᠬᠢᠯᠡᠭᠰᠡᠨ ᠮᠦᠽᠧᠶ ᠶᠢᠨ ᠤᠯᠤᠰ ᠤᠨ ᠥᠮᠴᠢᠯᠡᠯᠲᠦ ᠮᠦᠽᠧᠶ ᠳᠠᠬᠢ ᠴᠢᠬᠤᠯᠠ ᠨᠦᠬᠦᠪᠦᠷᠢ ᠶᠢ ᠲᠠᠰᠤᠷᠠᠯᠲᠠ ᠤᠢᠭᠡᠢ ᠪᠠᠶᠠᠯᠢᠭᠵᠢᠭᠤᠯᠵᠤ᠂ ᠣᠯᠠᠨ ᠲᠦᠮᠡᠨ ᠤ ᠰᠣᠨᠢᠷᠬᠠᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠬᠤᠲᠠ ᠶᠢᠨ ᠴᠢᠨᠠᠷ ᠳᠡᠰ ᠪᠤᠯᠤᠨ ᠰᠣᠶᠣᠯ ᠤᠨ ᠠᠭᠤᠯᠤᠭᠳᠠᠴᠠ ᠶᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠵᠦ ᠱᠠᠭᠠᠷᠳᠠᠪᠠ᠃      ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠲᠡᠭᠡᠳ ᠤᠨ ᠢᠯᠭᠠᠯ ᠤᠨ ᠳᠠᠪᠠᠭᠤᠯᠢᠭ ᠪᠣᠯᠤᠨ ᠲᠤᠰ ᠪᠡᠶ᠎ᠡ ᠶᠢᠨ ᠣᠨᠴᠠᠯᠢᠭ ᠢᠶᠠᠨ ᠭᠦᠴᠡᠳ ᠪᠠᠳᠠᠷᠠᠭᠤᠯᠵᠤ᠂ ᠭᠠᠷᠳᠠᠨ ᠬᠢᠬᠦ ᠴᠡᠭ ᠢᠶᠠᠨ ᠣᠨᠣᠪᠴᠢᠲᠠᠶ ᠡᠷᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠨᠠᠷ ᠰᠠᠶᠢᠲᠠᠶ ᠪᠥᠭᠡᠳ ᠶᠠᠪᠤᠭᠳᠠᠭᠤᠰᠢᠲᠠᠶ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠰᠣᠶᠣᠯ ᠤᠨ ᠥᠪ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠩ ᠰᠠᠶᠢᠨ ᠨᠡᠭᠡᠭᠡᠨ ᠠᠰᠢᠭᠯᠠᠬᠤ ᠶᠢ  ᠠᠬᠢᠭᠤᠯᠬᠤ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1