ᠬᠦᠬᠡᠬᠤᠳᠠ ᠵᠠᠰᠠᠭ ᠲᠠᠷᠬᠠᠭᠠᠭᠰᠠᠨ ﹇2020﹈ 6 ᠳ᠋ᠤᠭᠠᠷ ᠲᠤᠭᠠᠳᠤ | 2020 ᠣᠨ ᠤ 1 ᠳ᠋ᠤᠭᠡᠷ ᠰᠠᠷ᠎ᠠ ᠶᠢᠨ 22 ᠤᠨ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ᠮᠠᠨ ᠤ ᠬᠤᠲᠠ ᠶᠢᠨ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ ᠨᠠᠷᠢᠨ ᠬᠢᠨᠠᠮᠠᠭᠠᠢ | ᠰᠠᠶᠢᠳᠤᠷ ᠬᠢᠬᠦ ᠶᠢᠨ ᠲᠥᠯᠥᠭᠡ᠂ ︽ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠢ | ᠪᠠᠶᠢᠭᠤᠯᠬᠤ ᠲᠤᠬᠠᠢ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2018﹈ | 20 ᠳ᠋ᠤᠭᠠᠷ ᠲᠣᠭᠠᠲᠤ︶ ᠪᠠ ︽ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ | ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 45 ᠳ᠋ᠤᠭᠠᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ | ᠦᠨᠳᠦᠰᠦᠯᠡᠨ᠂ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ | ᠲᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ︽ᠵᠡᠮᠳᠡᠭᠴᠦᠳ ᠤᠨ ᠦᠢᠯᠡᠰ ᠢ ᠬᠥᠭᠵᠢᠭᠦᠯᠵᠦ᠂ ᠵᠡᠮᠳᠡᠭ ᠢ ᠡᠷᠡᠭᠦᠯᠵᠢᠬᠦᠯᠬᠦ | ᠦᠢᠯᠡᠴᠢᠯᠡᠭᠡ ᠶᠢ ᠴᠢᠩᠭᠠᠳᠬᠠᠬᠤ︾ ᠲᠤᠬᠠᠶ ᠴᠢᠬᠤᠯᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠭᠠᠳᠤ ᠵᠠᠬ᠎ᠠ ᠶᠢ ᠨᠢ ᠪᠠᠳᠤᠯᠠᠨ᠂ ᠨᠢᠭᠲᠠ ᠲᠣᠤᠷ ᠰᠥᠯᠵᠢᠨ᠂ ᠲᠣᠭᠲᠠᠴᠠ ᠪᠠᠶᠢᠭᠤᠯᠬᠤ | ᠱᠠᠭᠠᠷᠳᠠᠯᠭ᠎ᠠ ᠶᠣᠰᠣᠭᠠᠷ᠂ ᠡᠷᠡᠭᠦᠯ ᠡᠩᠬᠡ ᠬᠦᠬᠡᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠡᠮᠳᠡᠭ | ᠬᠡᠤᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠳᠤᠯᠠᠵᠤ᠂ | ᠵᠡᠮᠳᠡᠭ ᠬᠡᠤᠬᠡᠳ ᠤᠨ ᠡᠷᠡᠭᠦᠯᠵᠢᠬᠦ ᠪᠠᠶᠢᠳᠠᠯ ᠢ ᠰᠠᠶᠢᠵᠢᠷᠠᠭᠤᠯᠵᠤ᠂ ᠵᠡᠮᠳᠡᠭ ᠬᠡᠤᠬᠡᠳ ᠤᠨ ᠪᠦᠬᠦ ᠲᠠᠯ᠎ᠠ ᠪᠠᠷ | ᠬᠥᠭᠵᠢᠬᠦ ᠶᠢ ᠠᠬᠢᠭᠤᠯᠤᠨ᠂ ᠵᠡᠮᠳᠡᠭ ᠬᠡᠤᠬᠡᠳ ᠤᠨ ᠭᠡᠷ ᠪᠦᠯᠢ ᠶᠢᠨ ᠳᠠᠷᠤᠭᠠᠰᠤ ᠶᠢ ᠬᠦᠩᠭᠡᠯᠡᠵᠦ᠂ ᠬᠤᠲᠠ | ᠬᠥᠳᠡᠭᠡ ᠶᠢ ᠪᠦᠷᠬᠦᠭᠰᠡᠨ᠂ ᠲᠥᠷᠥ ᠶᠢᠨ ᠪᠣᠳᠣᠯᠭ᠎ᠠ ᠶᠢ ᠵᠣᠯᠭᠠᠯᠳᠤᠭᠤᠯᠤᠭᠰᠠᠨ᠂ ᠠᠵᠢᠯᠯᠠᠭᠠᠨ ᠨᠢ ᠵᠢᠷᠤᠮᠵᠢᠭᠰᠠᠨ | ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ᠂ ᠵᠡᠮᠳᠡᠭ | ᠬᠡᠤᠬᠡᠳ ︽ᠬᠥᠮᠦᠨ ᠪᠦᠬᠦᠨ ᠡᠷᠡᠭᠦᠯᠵᠢᠯ ᠤᠨ ᠦᠢᠯᠡᠴᠢᠯᠡᠭᠡ ᠬᠦᠷᠲᠡᠬᠦ︾ ᠶᠢ ᠴᠢᠷᠮᠠᠶᠢᠨ ᠪᠡᠶᠡᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠴᠤ᠂ ᠨᠠᠭᠠᠳᠤ | ᠵᠠᠬ᠎ᠠ ᠶᠢ ᠪᠠᠲᠤᠯᠠᠬᠤ ᠶᠢ ᠪᠠᠷᠢᠮᠲᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ︽ᠦᠨᠳᠦᠰᠦᠨ | ᠵᠦᠢᠯ ᠢ ᠪᠠᠲᠤᠯᠠᠬᠤ︾ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠵᠡᠮᠳᠡᠭ ᠬᠡᠤᠬᠡᠳ ᠤᠨ ᠦᠨᠳᠦᠰᠦᠨ | ᠡᠷᠡᠭᠦᠯᠵᠢᠯ ᠤᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠢᠳᠡᠭ ᠢᠳᠡᠭ ᠢᠶᠠᠷ ᠠᠬᠢᠭᠤᠯᠤᠨ᠎ᠠ᠃ ᠳᠦᠷᠢᠮ ᠢ | ᠵᠤᠯᠭᠠᠭᠤᠯᠤᠨ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ ᠶᠢ ᠪᠠᠷᠢᠮᠲᠠᠯᠠᠨ᠎ᠠ᠃ ᠦᠨᠳᠦᠰᠦᠨ ᠡᠮᠴᠢᠯᠡᠭᠡ᠂ | ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠳᠦᠷᠢᠮ ᠯᠦᠭᠡ ᠪᠦᠳᠦᠮᠵᠢᠳᠡᠢ | ᠵᠤᠯᠭᠠᠭᠤᠯᠬᠤ ᠶᠢ ᠴᠢᠩᠭᠠᠳᠬᠠᠵᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠦᠨᠡᠨᠬᠦ ᠪᠠᠳᠤᠯᠠᠨ᠎ᠠ᠃ | ᠴᠢᠳᠠᠯ ᠤᠨ ᠢᠶᠠᠨ ᠬᠢᠷᠢ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ ᠬᠢᠬᠦ ᠶᠢ ᠪᠠᠷᠢᠮᠲᠠᠯᠠᠨ᠎ᠠ᠃ ᠭᠤᠤᠯᠳᠠᠯᠭ᠎ᠠ ᠶᠢ | ᠳᠣᠪᠤᠶᠢᠯᠭᠠᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠵᠢᠱᠢᠯᠲᠡ ᠶᠢ ᠬᠦᠳᠦᠯᠦᠨ ᠵᠢᠯᠤᠭᠤᠳᠴᠤ᠂ ᠵᠡᠮᠳᠡᠭ | ᠬᠡᠤᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠨ᠎ᠠ | ᠃ ᠵᠢᠷᠤᠮᠵᠢᠯ ᠡᠮᠬᠢ ᠳᠠᠷᠠᠭ᠎ᠠ ᠲᠠᠢ᠂ ᠲᠥᠪ ᠭᠤᠣᠯᠴᠢ ᠢᠯᠡ ᠲᠣᠳᠣ ᠪᠠᠶᠢᠬᠤ ᠶᠢ ᠪᠠᠷᠢᠮᠳᠠᠯᠠᠨ᠎ᠠ᠃ ᠰᠢᠨᠵᠢᠯᠡᠬᠦ | ᠤᠬᠠᠭᠠᠨᠴᠢ ᠠᠷᠠᠳ ᠲᠤ ᠳᠥᠭᠦᠮ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠶᠠᠰᠤ | ᠴᠢᠨᠠᠷ ᠢᠶᠠᠨ ᠳᠡᠭᠡᠭᠰᠢᠯᠡᠭᠦᠯᠵᠦ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ | ︵ᠭᠤᠷᠪᠠ︶ ᠶᠡᠷᠦᠩᠬᠡᠶ ᠬᠠᠷᠠᠯᠲᠠ 2020 ᠣᠨ ᠪᠣᠯᠬᠤ ᠳᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠭᠦᠯᠬᠦ ᠬᠠᠷᠠᠯᠲᠠ ᠯᠤᠭ᠎ᠠ ᠵᠣᠬᠢᠴᠠᠭᠰᠠᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ | ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠵᠡᠮᠳᠡᠭ ᠬᠡᠤᠬᠡᠳ ᠢ ᠠᠪᠤᠷᠠᠪᠠᠰᠤ ᠵᠣᠬᠢᠬᠤ ᠶᠢ ᠨᠢ ᠪᠦᠬᠦᠨ ᠢ | ᠠᠪᠤᠷᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 2025 ᠣᠨ ᠪᠣᠯᠬᠤ ᠳᠤ᠂ ᠵᠡᠮᠳᠡᠭ ᠬᠡᠤᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠰᠢᠰᠲ᠋ᠧᠮᠵᠢ ᠶᠢ ᠤᠯᠠᠮ ᠲᠡᠭᠦᠯᠳᠡᠷᠵᠢᠭᠦᠯᠵᠦ᠂ ᠬᠤᠰᠢᠭᠤ᠂ | ᠰᠢᠶᠠᠨ ᠤ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠪᠦᠷᠢᠨᠰᠢᠬᠦᠯᠦᠨ᠂ ᠵᠡᠮᠳᠡᠭ ᠬᠡᠤᠬᠡᠳ ᠤᠨ | ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠦᠢᠯᠡᠴᠢᠯᠡᠭᠡᠨ ᠤ | ᠶᠠᠰᠤ ᠴᠢᠨᠠᠷ ᠪᠠ ᠪᠠᠲᠤᠯᠠᠭ᠎ᠠ ᠶᠢᠨ ᠬᠢᠷᠢ ᠲᠥᠪᠰᠢᠨ ᠢ ᠢᠯᠡᠷᠭᠡᠢ ᠳᠡᠭᠡᠭᠰᠢᠯᠡᠭᠦᠯᠦᠨ᠂ ᠵᠡᠮᠳᠡᠭ ᠬᠡᠤᠬᠡᠳ ᠲᠤ | ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠨᠡᠶᠢᠳᠡᠮ ᠡᠳ᠋ᠯᠡᠭᠦᠯᠦᠨ᠂ ᠡᠷᠡᠭᠦᠯ ᠢᠶᠠᠷ ᠦᠰᠦᠨ ᠪᠤᠶᠢᠵᠢᠵᠤ᠂ ᠪᠥᠬᠦ | ᠲᠠᠯ᠎ᠠ ᠪᠠᠷ ᠬᠥᠭᠵᠢᠬᠦ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃ | ᠬᠤᠶᠠᠷ᠂ ᠲᠦᠷᠢᠮ ᠤᠨ ᠠᠭᠤᠯᠭ᠎ᠠ | ︵ᠨᠢᠭᠡ︶ ᠠᠪᠤᠷᠠᠨ ᠲᠤᠰᠠᠯᠠᠬᠤ ᠡᠲᠡᠭᠡᠳ ᠠᠪᠤᠷᠠᠨ ᠲᠤᠰᠠᠯᠠᠬᠤ ᠡᠲᠡᠭᠡᠳ ᠪᠣᠯ ᠬᠦᠬᠡᠬᠤᠲᠠ ᠶᠢᠨ ᠡᠷᠦᠭᠡ | ᠠᠮᠠ ᠶᠢᠨ ᠳᠠᠩᠰᠠ ᠪᠤᠶᠤ ᠬᠦᠴᠦᠨ ᠲᠠᠢ ᠣᠷᠣᠰᠢᠨ ᠰᠠᠭᠤᠬᠤ ᠦᠨᠡᠮᠯᠡᠯ ᠲᠠᠢ ᠪᠥᠭᠡᠳ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠪᠤᠶᠤ ᠵᠡᠮᠳᠡᠭ ᠢ ᠦᠨᠡᠯᠡᠨ ᠲᠣᠭᠲᠠᠭᠠᠵᠤ ᠰᠢᠯᠭᠠᠨ | ᠲᠣᠭᠲᠠᠭᠠᠬᠤ ᠡᠮᠨᠡᠯᠭᠡ ᠶᠢᠨ ᠬᠤᠷᠢᠶ᠎ᠠ᠂ ᠭᠤᠷᠪᠠᠳᠤᠭᠠᠷ ᠳᠡᠰ ᠠᠴᠠ ᠳᠡᠭᠡᠭᠰᠢᠬᠢ ᠬᠢᠷᠢ ᠬᠡᠮ ᠲᠠᠢ ᠡᠮᠨᠡᠯᠭᠡ ᠶᠢᠨ | ᠬᠤᠷᠢᠶ᠎ᠠ ᠠᠴᠠ ᠬᠢᠵᠦ ᠥᠭᠭᠦᠭᠰᠡᠨ ᠤᠨᠤᠰᠢᠯᠠᠯᠲᠠ ᠶᠢᠨ ᠭᠡᠷᠡᠴᠢ ᠪᠢᠴᠢᠭ ᠲᠠᠢ 0 ᠠᠴᠠ 10 ᠨᠠᠰᠤᠨ ᠤ ᠬᠠᠷᠠᠭ᠎ᠠ᠂ | ᠰᠤᠨᠤᠷ᠂ ᠬᠡᠯᠡ᠂ ᠮᠦᠴᠢ᠂ ᠤᠶᠤᠨ ᠵᠡᠷᠭᠡ ᠨᠢ ᠵᠡᠮᠳᠡᠭ ᠭᠡᠦᠭᠡᠳ ᠪᠠ ᠭᠠᠭᠴᠠᠭᠠᠷᠳᠠᠬᠤ ᠭᠡᠮ ᠲᠠᠢ ᠬᠡᠦᠭᠡᠳ᠃ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ ᠬᠡᠷ ᠪᠦᠯᠢ ᠶᠢᠨ ᠵᠡᠮᠳᠡᠭ ᠬᠡᠤᠬᠡᠳ᠂ | ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠵᠡᠮᠳᠡᠭ ᠬᠡᠤᠬᠡᠳ᠂ ᠬᠡᠤᠬᠡᠳ ᠤᠨ | ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠤᠬᠡᠳ᠂ ᠵᠡᠮᠳᠡᠭ ᠥᠨᠥᠴᠢᠨ ᠬᠡᠤᠬᠡᠳ᠂ | ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠤᠬᠡᠳ ᠵᠢᠴᠢ | ᠪᠤᠰᠤᠳ ᠠᠵᠤ ᠠᠬᠤᠶ ᠨᠢ ᠬᠦᠴᠢᠷᠳᠡᠯᠲᠡᠶ ᠬᠡᠷ ᠪᠦᠯᠢ ᠶᠢᠨ ᠵᠡᠮᠳᠡᠭ ᠬᠡᠤᠬᠡᠳ ᠪᠠᠭᠲᠠᠨ᠎ᠠ᠃ ᠨᠥᠬᠦᠴᠡᠯ ᠲᠠᠢ | ᠬᠤᠰᠢᠭᠤ ᠰᠢᠶᠠᠨ ᠲᠣᠭᠤᠷᠢᠭ ᠤᠨ ᠬᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ | ᠂ ᠠᠪᠤᠷᠠᠨ ᠲᠤᠰᠠᠯᠠᠬᠤ ᠵᠡᠮᠳᠡᠭ ᠬᠡᠤᠬᠡᠳ ᠤᠨ ᠨᠠᠰᠤ ᠵᠢᠯ ᠤᠨ ᠬᠡᠪᠴᠢᠶ᠎ᠡ ᠶᠢ ᠵᠣᠬᠢᠰᠲᠠᠶ ᠥᠷᠭᠡᠳᠭᠡᠵᠦ᠂ ᠵᠡᠮᠳᠡᠭ | ᠬᠡᠤᠬᠡᠳ ᠤᠨ ᠭᠡᠷ ᠪᠦᠯᠢ ᠶᠢᠨ ᠠᠵᠤ ᠠᠬᠤᠶ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠬᠤ ᠶᠢ | ᠵᠣᠷᠢᠭᠵᠢᠭᠤᠯᠤᠨ᠎ᠠ᠃ | ︵ᠬᠤᠶᠠᠷ︶ ᠠᠪᠤᠷᠠᠨ ᠲᠤᠰᠠᠯᠠᠬᠤ ᠨᠥᠬᠦᠴᠡᠯ | 1. ᠡᠮᠴᠢᠯᠡᠭᠡ᠂ ᠡᠷᠡᠭᠦᠯᠵᠢᠯ ᠤᠨ ᠪᠠᠶᠢᠭᠤᠯᠤᠮᠵᠢ ᠶᠢᠨ ᠦᠨᠡᠯᠡᠨ ᠵᠢᠱᠢᠯᠲᠡ ᠪᠠᠷ ᠡᠷᠡᠭᠦᠯᠵᠢᠬᠦ ᠰᠢᠨᠵᠢ | ᠲᠡᠮᠳᠡᠭ ᠲᠠᠢ ᠪᠥᠭᠡᠳ ᠡᠷᠡᠭᠦᠯᠵᠢᠯ ᠤᠨ ᠥᠷᠲᠡᠭ ᠲᠠᠢ᠂ ᠡᠷᠡᠭᠦᠯᠵᠢᠯ ᠤᠨ ᠦᠢᠯᠡᠴᠢᠯᠡᠭᠡ ᠪᠠᠷ ᠳᠡᠮᠵᠢᠨ | ᠴᠢᠳᠠᠪᠤᠷᠢ ᠪᠠᠨ ᠳᠠᠬᠢᠨ ᠪᠠᠶᠢᠭᠤᠯᠬᠤ ᠪᠤᠶᠤ ᠰᠠᠶᠢᠵᠢᠷᠠᠭᠤᠯᠵᠤ ᠳᠡᠶᠢᠯᠬᠦ ᠵᠡᠮᠳᠡᠭ ᠬᠡᠤᠬᠡᠳ︔ | 2. ᠵᠡᠮᠳᠡᠭ ᠬᠡᠤᠬᠡᠳ ᠤᠨ ᠬᠠᠷᠠᠭᠠᠯᠵᠠᠨ ᠬᠠᠮᠠᠭᠠᠯᠠᠭᠴᠢ ᠨᠢ ᠡᠷᠡᠭᠦᠯᠵᠢᠬᠦᠯᠬᠦ ᠬᠦᠰᠡᠯ ᠲᠠᠢ ᠪᠥᠭᠡᠳ | ᠡᠷᠡᠭᠦᠯᠵᠢᠯ ᠤᠨ ᠵᠦᠪ ᠲᠠᠨᠢᠯᠲᠠ ᠪᠠ ᠡᠷᠡᠭᠦᠯᠵᠢᠯ ᠤᠨ ᠵᠢᠱᠢᠯᠲᠡ ᠲᠠᠢ ᠪᠠᠶᠢᠬᠤ ᠬᠡᠷᠡᠭᠲᠡᠶ᠃ | ︵ᠭᠤᠷᠪᠠ︶ ᠠᠪᠤᠷᠠᠨ ᠲᠤᠰᠠᠯᠠᠬᠤ ᠠᠭᠤᠯᠭ᠎ᠠ | 1. ᠪᠠᠶᠢᠭᠤᠯᠤᠮᠵᠢ ᠶᠢᠨ ᠡᠷᠡᠬᠦᠯᠵᠢᠬᠦᠯᠬᠦ ᠪᠣᠯᠪᠠᠰᠤᠷᠠᠯ᠃ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠠᠴᠠ | ᠠᠪᠤᠷᠠᠨ ᠲᠤᠰᠠᠯᠠᠬᠤ ᠡᠲᠡᠭᠡᠳ ᠲᠤ ᠬᠠᠷᠠᠭᠠᠨ ᠰᠡᠷᠡᠯ ᠤᠨ ᠴᠢᠳᠠᠪᠤᠷᠢ ᠶᠢᠨ ᠪᠣᠯᠪᠠᠰᠤᠷᠠᠯ᠂ ᠰᠤᠨᠤᠷ ᠬᠡᠯᠡᠨ ᠤ | ᠴᠢᠳᠠᠪᠤᠷᠢ ᠶᠢᠨ ᠪᠣᠯᠪᠠᠰᠤᠷᠠᠯ᠂ ᠬᠦᠳᠡᠯᠭᠡᠭᠡᠨ᠂ ᠲᠠᠨᠢᠨ ᠮᠡᠳᠡᠬᠦᠶ᠂ ᠬᠠᠷᠢᠯᠴᠠᠭ᠎ᠠ ᠵᠢᠴᠢ ᠵᠣᠬᠢᠴᠠᠬᠤ ᠴᠢᠳᠠᠪᠤᠷᠢ ᠶᠢᠨ | ᠪᠣᠯᠪᠠᠰᠤᠷᠠᠯ ᠵᠡᠷᠭᠡ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ | 2. ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ᠃ ᠬᠠᠷᠠᠭ᠎ᠠ ᠮᠠᠭᠤ ᠬᠡᠦᠬᠡᠳ ᠲᠤ ᠬᠠᠷᠠᠭ᠎ᠠ | ᠲᠤᠳᠤᠳᠬᠠᠭᠤᠷ ᠲᠠᠭᠠᠷᠠᠭᠤᠯᠵᠤ ᠥᠭᠭᠦᠨ᠎ᠡ︔ ᠰᠣᠨᠣᠷ ᠤᠨ ᠴᠢᠳᠠᠪᠤᠷᠢ ᠨᠢ ᠬᠦᠨᠳᠦ ᠵᠡᠮᠳᠡᠭᠷᠡᠭᠰᠡᠨ ᠵᠡᠮᠳᠡᠭ | ᠬᠡᠦᠬᠡᠳ ᠲᠤ ᠦᠨᠳᠦᠰᠦᠨ ᠬᠡᠯᠪᠡᠷᠢ ᠶᠢᠨ ᠴᠢᠬᠢᠨ ᠤ ᠬᠢᠮᠡᠯ ᠲᠤᠩ ᠬᠠᠩᠭᠠᠵᠤ᠂ ᠰᠣᠨᠣᠷ ᠤᠨ ᠴᠢᠳᠠᠪᠤᠷᠢ ᠵᠡᠮᠳᠡᠭ | ᠬᠡᠦᠬᠡᠳ ᠲᠤ ᠰᠤᠨᠤᠷ ᠲᠤᠳᠤᠳᠬᠠᠭᠤᠷ ᠲᠠᠭᠠᠷᠠᠭᠤᠯᠵᠤ ᠥᠭᠭᠦᠨ᠎ᠡ︔ ᠮᠥᠴᠢ ᠵᠡᠮᠳᠡᠭ ᠬᠡᠦᠬᠡᠳ ᠲᠤ ᠬᠢᠮᠡᠯ ᠮᠥᠴᠢ | ᠪᠤᠶᠤ ᠵᠠᠯᠠᠷᠠᠭᠤᠯᠤᠭᠤᠷ ᠲᠠᠭᠠᠷᠠᠭᠤᠯᠤᠨ ᠦᠭᠴᠦ᠂ ᠬᠦᠷᠳᠦᠲᠦ ᠰᠠᠨᠳᠠᠯᠢ᠂ ᠰᠠᠭᠤᠯᠭᠠᠨ ᠵᠠᠯᠠᠷᠠᠭᠤᠯᠬᠤ ᠰᠠᠨᠳᠠᠯᠢ᠂ | ᠵᠤᠭᠰᠤᠭᠠᠬᠤ ᠲᠤᠯᠤᠭᠤᠷ᠂ ᠠᠯᠬᠤᠬᠤ ᠲᠤᠰᠠᠯᠠᠭᠤᠷ ᠵᠡᠷᠭᠡ ᠲᠤᠰᠠᠯᠠᠬᠤ ᠪᠠᠭᠠᠵᠢ ᠬᠡᠷᠡᠭᠰᠡᠯ ᠢ ᠲᠤᠬᠢᠷᠠᠭᠤᠯᠤᠨ᠎ᠠ᠃ | 3. ᠮᠡᠰᠡ ᠵᠠᠰᠠᠯ᠃ ᠮᠡᠰᠡ ᠵᠠᠰᠠᠯ ᠳᠤ ᠵᠣᠬᠢᠴᠠᠬᠤ ᠰᠢᠨᠵᠢ ᠲᠡᠮᠳᠡᠭ ᠪᠦᠬᠦᠢ ᠬᠦᠨᠳᠦ ᠬᠡᠮᠵᠢᠶ᠎ᠡ ᠠᠴᠠ | ᠳᠡᠭᠡᠭᠰᠢᠬᠢ ᠰᠣᠨᠣᠷ ᠤᠨ ᠴᠢᠳᠠᠪᠤᠷᠢ ᠵᠡᠮᠳᠡᠭ ᠬᠡᠦᠬᠡᠳ ᠲᠤ ᠴᠢᠬᠢᠨ ᠤ ᠬᠢᠮᠡᠯ ᠲᠤᠩ ᠰᠠᠭᠤᠯᠭᠠᠬᠤ ᠮᠡᠰᠡ ᠵᠠᠰᠠᠯ | ᠬᠠᠩᠭᠠᠵᠤ᠂ ᠭᠡᠷᠡᠭᠴᠡᠭᠡ ᠱᠠᠭᠠᠷᠳᠠᠯᠭ᠎ᠠ ᠲᠠᠢ ᠮᠥᠴᠢ ᠵᠡᠮᠳᠡᠭ ᠬᠡᠦᠬᠡᠳ ᠲᠤ ᠵᠠᠯᠠᠷᠠᠭᠤᠯᠤᠨ ᠵᠠᠰᠠᠬᠤ ᠮᠡᠰᠡ ᠵᠠᠰᠠᠯ | ᠬᠢᠵᠦ ᠥᠭᠭᠦᠨ᠎ᠡ᠃ | 4. ᠨᠥᠬᠦᠴᠡᠯ ᠲᠠᠢ ᠬᠤᠰᠢᠭᠤ ᠰᠢᠶᠠᠨ ᠲᠣᠭᠤᠷᠢᠭ ᠨᠢ ᠵᠡᠮᠳᠡᠭ ᠬᠡᠤᠬᠡᠳ ᠢ ᠡᠷᠡᠭᠦᠯᠵᠢᠭᠦᠯᠬᠦ | ᠬᠤᠭᠤᠴᠠᠭᠠᠨ ᠳᠤ ᠬᠠᠷᠠᠭᠠᠯᠵᠠᠨ ᠬᠠᠮᠠᠭᠠᠯᠠᠭᠴᠢ ᠨᠢ ᠪᠠᠷ᠎ᠠ ᠪᠣᠯᠵᠤ ᠰᠤᠪᠢᠯᠠᠨ ᠠᠪᠤᠷᠠᠨ ᠲᠤᠰᠠᠯᠠᠬᠤ ᠶᠢ ᠥᠷᠨᠢᠭᠦᠯᠵᠦ᠂ | ᠲᠤᠬᠠᠶ ᠶᠢᠨ ᠭᠠᠵᠠᠷ ᠤᠨ ᠪᠤᠳᠠᠳᠤ ᠪᠠᠶᠢᠳᠠᠯ ᠢᠶᠠᠨ ᠦᠨᠳᠦᠰᠦᠯᠡᠨ ᠠᠪᠤᠷᠠᠨ ᠲᠤᠰᠠᠯᠠᠬᠤ ᠠᠭᠤᠯᠭ᠎ᠠ ᠪᠠ ᠪᠠᠷᠢᠮᠵᠢᠶ᠎ᠠ ᠶᠢ | ᠲᠣᠭᠲᠠᠭᠠᠨ᠎ᠠ᠃ | 5. ᠵᠡᠮᠳᠡᠭ ᠬᠡᠤᠬᠡᠳ ᠢ ᠪᠦᠬᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠲᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ | ᠨᠡᠶᠢᠴᠡᠬᠦ ᠵᠡᠮᠳᠡᠭ ᠬᠡᠦᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠤᠷᠤᠯᠴᠠᠬᠤ ᠳᠤ ᠲᠤᠰᠢᠶᠠᠬᠤ ᠰᠦᠢᠳᠭᠡᠯ ᠤᠨ ᠬᠤᠪᠢ ᠬᠥᠮᠦᠨ ᠤ ᠲᠤᠰᠢᠶᠠᠬᠤ ᠬᠡᠰᠡᠭ ᠲᠤ | ᠵᠠᠰᠠᠭ ᠤᠨ ᠣᠷᠳᠣᠨ ᠠᠴᠠ ᠨᠥᠬᠦᠪᠥᠷᠢ ᠣᠯᠭᠤᠨ᠎ᠠ᠃ | ︵ᠳᠥᠷᠪᠡ︶ ᠠᠪᠤᠷᠠᠨ ᠲᠤᠰᠠᠯᠠᠬᠤ ᠪᠠᠷᠢᠮᠵᠢᠶ᠎ᠠ | 1. ᠬᠠᠷᠠᠭ᠎ᠠ᠂ ᠰᠣᠨᠣᠷ ᠬᠡᠯᠡ᠂ ᠮᠥᠴᠢ᠂ ᠣᠶᠤᠨ ᠵᠡᠮᠳᠡᠭ ᠬᠡᠦᠬᠡᠳ ᠪᠠ ᠭᠠᠭᠴᠠᠭᠠᠷᠳᠠᠮᠠᠯ ᠭᠡᠮ ᠲᠠᠢ | ᠬᠡᠦᠬᠡᠳ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠳᠠᠭᠠᠯᠳᠤᠭᠤᠯᠤᠯ ᠳᠤ ᠦᠵᠡ᠂ ᠲᠣᠰ ᠪᠠᠷᠢᠮᠵᠢᠶ᠎ᠠ ᠪᠣᠯ ᠮᠠᠨ ᠤ | ᠬᠤᠳᠠ ᠶᠢᠨ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠬᠠᠮᠤᠭ ᠤᠨ ᠳᠣᠣᠷ᠎ᠠ ᠪᠠᠷᠢᠮᠵᠢᠶ᠎ᠠ ᠪᠣᠯᠤᠨ᠎ᠠ᠃ | | 2. ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠤᠨ ᠢᠶᠠᠨ | ᠡᠳ᠋ ᠤᠨ ᠬᠦᠴᠦᠨ ᠤ ᠪᠠᠶᠢᠳᠠᠯ᠂ ᠪᠠᠲᠤᠯᠠᠬᠤ ᠡᠲᠡᠭᠡᠳ ᠤᠨ ᠲᠤᠭ᠎ᠠ᠂ ᠵᠡᠮᠳᠡᠭ ᠤᠨ ᠲᠥᠷᠥᠯ ᠵᠦᠢᠯ ᠵᠡᠷᠭᠡ ᠶᠢ | ᠦᠨᠳᠦᠰᠦᠯᠡᠨ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠵᠤᠬᠢᠰᠲᠠᠢ ᠪᠠᠷ ᠳᠡᠭᠡᠭᠰᠢᠯᠡᠭᠦᠯᠵᠦ ᠪᠣᠯᠤᠨ᠎ᠠ᠂ ᠡᠭᠦᠨ ᠳᠤ ᠵᠡᠮᠳᠡᠭ ᠬᠡᠤᠬᠡᠳ ᠤᠨ ᠵᠠᠯᠠᠷᠠᠭᠤᠯᠤᠭᠤᠷ᠂ | ᠬᠦᠷᠳᠦᠲᠦ ᠰᠠᠨᠳᠠᠯᠢ᠂ ᠠᠯᠬᠤᠬᠤ ᠲᠤᠰᠠᠯᠠᠭᠤᠷ ᠵᠡᠷᠭᠡ ᠲᠤᠰᠠᠯᠠᠬᠤ ᠪᠠᠭᠠᠵᠢ ᠬᠡᠷᠡᠭᠰᠡᠯ ᠤᠨ ᠠᠪᠤᠷᠠᠨ ᠲᠤᠰᠠᠯᠠᠬᠤ | ᠪᠠᠷᠢᠮᠵᠢᠶ᠎ᠠ ᠶᠢ ᠪᠠᠭᠳᠠᠭᠠᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ | ᠭᠤᠷᠪᠠ᠂ ᠠᠵᠢᠯ ᠤᠨ ᠳᠠᠷᠠᠭᠠᠯᠠᠯ | ︵ᠨᠢᠭᠡ︶ ᠭᠤᠶᠤᠴᠢᠯᠠᠬᠤ᠃ ᠵᠡᠮᠳᠡᠭ ᠬᠡᠤᠬᠡᠳ ᠤᠨ ᠬᠠᠷᠠᠭᠠᠯᠵᠠᠨ ᠬᠠᠮᠠᠭᠠᠯᠠᠭᠴᠢ ᠨᠢ ᠵᠡᠮᠳᠡᠭ ᠬᠡᠤᠬᠡᠳ ᠤᠨ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠤᠯᠭᠤᠭᠰᠠᠨ ᠭᠠᠵᠠᠷ︶ ᠤᠨ | ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠤᠭᠠᠳᠤ ᠬᠤᠷᠠᠯ ᠤᠨ ᠵᠣᠬᠢᠶᠠᠨ ᠪᠠᠶᠢᠭᠤᠯᠤᠯᠲᠠ ᠳᠤ | ᠭᠤᠶᠤᠴᠢᠯᠠᠯ ᠲᠡᠪᠰᠢᠭᠦᠯᠦᠨ᠎ᠡ᠃ ᠬᠠᠷᠠᠭᠠᠯᠵᠠᠨ ᠬᠠᠮᠠᠭᠠᠯᠠᠭᠴᠢ ᠨᠢ ᠪᠠᠰᠠ ᠪᠤᠰᠤᠳ ᠬᠥᠮᠦᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠭᠡᠬᠦ ᠪᠠᠶᠢᠭᠤᠯᠤᠮᠵᠢ᠂ ᠡᠷᠡᠭᠦᠯᠵᠢᠯ ᠤᠨ | ᠪᠠᠶᠢᠭᠤᠯᠤᠮᠵᠢ ᠵᠡᠷᠭᠡ ᠳᠤ ᠨᠠᠶᠢᠳᠠᠵᠤ ᠣᠷᠣᠯᠠᠭᠤᠯᠤᠨ ᠭᠤᠶᠤᠴᠢᠯᠠᠵᠤ ᠪᠣᠯᠤᠨ᠎ᠠ᠃ | ︵ᠬᠤᠶᠠᠷ︶ ᠬᠢᠨᠠᠨ ᠬᠠᠷᠭᠤᠭᠤᠯᠬᠤ᠃ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠤᠭᠠᠳᠤ | ᠬᠤᠷᠠᠯ ᠨᠢ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠬᠦ︾ ᠱᠠᠭᠠᠷᠳᠠᠯᠭ᠎ᠠ ᠶᠣᠰᠣᠭᠠᠷ᠂ ᠬᠤᠯᠪᠤᠭᠳᠠᠯ ᠪᠥᠬᠦᠶ | ᠮᠠᠲ᠋ᠧᠷᠢᠶᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠶᠢ ᠨᠢ 30 ᠠᠵᠢᠯᠯᠠᠬᠤ | ᠡᠳᠦᠷ ᠤᠨ ᠳᠣᠲᠣᠷ᠎ᠠ ᠵᠥᠪᠰᠢᠶᠡᠷᠡᠬᠦ ᠶᠢᠨ ᠬᠠᠮᠲᠤ ᠡᠷᠡᠭᠦᠯᠵᠢᠬᠦᠯᠵᠦ ᠠᠪᠤᠷᠠᠨ ᠲᠤᠰᠠᠯᠠᠬᠤ ᠲᠥᠯᠥᠪᠯᠡᠭᠡ ᠳᠤ | ᠣᠷᠣᠭᠤᠯᠤᠨ᠎ᠠ︔ ᠨᠥᠬᠦᠴᠡᠯ ᠳᠤ ᠨᠡᠶᠢᠴᠡᠬᠦ ᠦᠭᠡᠢ ᠶᠢ ᠨᠢ ᠵᠥᠪᠰᠢᠶᠡᠷᠡᠬᠦ ᠦᠭᠡᠢ ᠪᠥᠭᠡᠳ ᠭᠤᠶᠤᠴᠢᠯᠠᠭᠴᠢ ᠳᠤ | ᠰᠢᠯᠲᠠᠭᠠᠨ ᠢ ᠨᠢ ᠲᠤᠳᠤᠷᠬᠠᠶᠢᠯᠠᠵᠤ ᠥᠭᠬᠦ ᠬᠡᠷᠡᠭᠲᠡᠶ᠃ | ︵ᠭᠤᠷᠪᠠ︶ ᠠᠪᠤᠷᠠᠨ ᠲᠤᠰᠠᠯᠠᠬᠤ᠃ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠣᠯ᠂ | ᠬᠠᠷᠠᠭᠠᠯᠵᠠᠨ ᠬᠠᠮᠠᠭᠠᠯᠠᠭᠴᠢ ᠨᠢ ᠪᠤᠶᠤ ᠲᠡᠭᠦᠨ ᠤ ᠪᠠᠶᠢᠭ᠎ᠠ ᠠᠰᠠᠷᠠᠮᠵᠢ ᠶᠢᠨ ᠪᠠᠶᠢᠭᠤᠯᠤᠮᠵᠢ ᠨᠢ ᠤᠶᠢᠷᠠᠬᠠᠨ ᠳᠥᠭᠦᠮ | ᠲᠥᠳᠡ ᠵᠠᠷᠴᠢᠮ ᠶᠣᠰᠣᠭᠠᠷ᠂ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠶᠢ ᠡᠵᠡᠨ ᠮᠡᠳᠡᠵᠦ ᠰᠣᠩᠭᠤᠨ | ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠨ᠎ᠡ᠃ ᠴᠢᠬᠤᠯᠠ ᠲᠠᠢ ᠦᠶ᠎ᠡ ᠳᠤ᠂ ᠬᠤᠲᠠ ᠶᠢᠨ ᠵᠡᠮᠳᠡᠭᠴᠦᠳ ᠤᠨ | ᠬᠤᠯᠪᠤᠭᠠᠳᠤ ᠬᠤᠷᠠᠯ ᠤᠨ ᠵᠣᠬᠢᠶᠠᠨ ᠪᠠᠶᠢᠭᠤᠯᠤᠯᠳᠠ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠨ | ᠵᠢᠭᠠᠨ ᠲᠣᠭᠲᠠᠭᠠᠭᠰᠠᠨ ᠡᠮᠴᠢᠯᠡᠭᠡ᠂ ᠡᠷᠡᠭᠦᠯᠵᠢᠯ ᠤᠨ ᠪᠠᠶᠢᠭᠤᠯᠤᠮᠵᠢ ᠠᠴᠠ ᠤᠯᠠᠮ ᠨᠢᠭᠡ ᠠᠯᠬᠤᠮ ᠤᠨ | ᠣᠨᠣᠰᠢᠯᠠᠯᠲᠠ᠂ ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠦᠨᠡᠯᠡᠨ ᠵᠢᠱᠢᠯᠲᠡ ᠬᠢᠨ᠎ᠡ᠃ ᠲᠤᠭᠲᠠᠭᠰᠠᠨ | ᠡᠷᠡᠭᠦᠯᠵᠢᠯ ᠤᠨ ᠪᠠᠶᠢᠭᠤᠯᠤᠮᠵᠢ ᠶᠢ ᠬᠤᠲᠠ᠂ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠤᠭᠠᠳᠤ | ᠬᠤᠷᠠᠯ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠥᠴᠢᠷ ᠲᠠᠢ ᠬᠠᠮᠳᠤ ᠪᠠᠷ ᠢᠯᠡ ᠪᠠᠷ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠰᠣᠩᠭᠤᠨ ᠲᠣᠭᠲᠠᠭᠠᠨ᠎ᠠ᠃ | ︵ᠳᠥᠷᠪᠡ︶ ᠳ᠋ᠦᠩᠨᠡᠨ ᠪᠣᠳᠣᠬᠤ᠃ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠶᠢᠨ ᠡᠷᠡᠭᠦᠯᠵᠢᠭᠦᠯᠬᠦ | ᠦᠢᠯᠡᠴᠢᠯᠡᠭᠡ ᠶᠢ ᠬᠦᠷᠲᠡᠭᠡᠳ ᠤᠷᠤᠭᠰᠠᠨ ᠵᠠᠷᠤᠳᠠᠯ ᠢ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ | ᠬᠤᠯᠪᠤᠭᠠᠳᠤ ᠬᠤᠷᠠᠯ ᠤᠨ ᠵᠤᠬᠢᠶᠠᠨ ᠪᠠᠶᠢᠭᠤᠯᠤᠯᠳᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠲᠠᠢ ᠰᠢᠭᠤᠳ ᠳ᠋ᠦᠩᠨᠡᠨ | ᠪᠣᠳᠣᠵᠤ᠂ ᠳ᠋ᠦᠩᠨᠡᠨ ᠪᠣᠳᠣᠬᠤ ᠦᠶᠡᠯᠡᠯ ᠢ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠤᠭᠠᠳᠤ | ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ | ᠵᠥᠪᠳᠡᠯᠴᠡᠨ ᠲᠣᠭᠲᠠᠭᠠᠨ᠎ᠠ᠃ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ | ᠵᠣᠬᠢᠶᠠᠨ ᠪᠠᠶᠢᠭᠤᠯᠤᠯᠲᠠ ᠠᠴᠠ ᠬᠢᠨᠠᠨ ᠬᠠᠷᠭᠤᠭᠤᠯᠵᠤ ᠵᠥᠪᠰᠢᠶᠡᠷᠡᠨ ᠲᠤᠭᠲᠠᠭᠰᠠᠨ ᠪᠤᠰᠤ ᠡᠷᠡᠭᠦᠯᠵᠢᠯ ᠤᠨ | ᠪᠠᠶᠢᠭᠤᠯᠤᠮᠵᠢ ᠳᠤ ᠡᠷᠡᠭᠦᠯᠵᠢᠬᠦᠯᠬᠦ ᠦᠢᠯᠡᠴᠢᠯᠡᠭᠡ ᠬᠥᠷᠲᠡᠭᠡᠳ ᠤᠷᠤᠭᠰᠠᠨ ᠵᠠᠷᠤᠳᠠᠯ ᠢ ᠬᠤᠰᠢᠭᠤ ᠰᠢᠶᠠᠨ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠳᠠᠯᠢ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠵᠦᠪᠳᠡᠯᠴᠡᠵᠦ ᠳ᠋ᠦᠩᠨᠡᠨ ᠪᠣᠳᠣᠬᠤ ᠠᠷᠭ᠎ᠠ ᠶᠢ ᠲᠣᠳᠣᠷᠬᠠᠶᠢᠯᠠᠨ᠎ᠠ᠃ | ᠲᠦᠷᠪᠡ᠂ ᠵᠠᠷᠤᠳᠠᠯ ᠤᠨ ᠪᠠᠲᠤᠯᠠᠭ᠎ᠠ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠪᠡᠯᠡ ᠮᠥᠩᠭᠦ ᠶᠢ ᠵᠠᠰᠠᠭ ᠤᠨ ᠣᠷᠳᠣᠨ ᠤ | ᠲᠥᠰᠦᠪ ᠲᠤ ᠣᠷᠣᠭᠤᠯᠬᠤ ᠬᠡᠷᠡᠭᠲᠡᠶ᠃ ᠬᠤᠲᠠ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠵᠡᠮᠳᠡᠭ | ᠬᠡᠤᠬᠡᠳ ᠢ ᠡᠷᠡᠭᠦᠯᠵᠢᠬᠦᠯᠵᠦ ᠠᠪᠤᠷᠠᠨ ᠲᠤᠰᠠᠯᠠᠬᠤ ᠣᠷᠣᠭᠤᠯᠤᠯᠲᠠ ᠪᠠᠨ ᠨᠡᠮᠡᠭᠳᠡᠭᠦᠯᠵᠦ᠂ ᠡᠯ᠎ᠡ ᠬᠤᠰᠢᠭᠤ ᠰᠢᠶᠠᠨ | ᠲᠣᠭᠤᠷᠢᠭ ᠤᠨ ᠵᠡᠮᠳᠡᠭ ᠬᠡᠤᠬᠡᠳ ᠤᠨ ᠪᠣᠳᠠᠳᠠᠢ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠬᠡᠮᠵᠢᠶ᠎ᠡ ᠵᠢᠴᠢ ᠬᠦᠷᠭᠡᠵᠦ | ᠪᠤᠯᠪᠠᠰᠤᠷᠠᠯ ᠬᠦᠷᠳᠡᠭᠡᠭᠰᠡᠨ ᠪᠠᠶᠢᠳᠠᠯ ᠢ ᠦᠨᠳᠦᠰᠦᠯᠡᠨ ᠨᠥᠬᠦᠪᠥᠷᠢ ᠥᠭᠴᠦ᠂ ᠲᠥᠪ ᠪᠠ ᠥᠪᠡᠷᠲᠡᠭᠡᠨ ᠵᠠᠰᠠᠬᠤ | ᠣᠷᠣᠨ ᠤ ᠡᠷᠡᠭᠦᠯᠵᠢᠭᠦᠯᠬᠦ ᠨᠦᠬᠦᠪᠦᠷᠢ ᠮᠥᠩᠭᠦ ᠶᠢ ᠬᠡᠷᠡᠭᠯᠡᠭᠰᠡᠨ ᠤ ᠳᠠᠷᠠᠭᠠᠬᠢ ᠳᠤᠲᠠᠭᠰᠠᠨ ᠬᠡᠰᠡᠭ ᠢ ᠬᠤᠲᠠ᠂ | ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠨᠢ 1᠄ 1 ᠶᠢᠨ ᠬᠠᠷᠢᠴᠠᠯ ᠢᠶᠠᠷ ᠡᠭᠦᠷᠭᠡᠯᠡᠬᠦ | ᠬᠡᠷᠡᠭᠲᠡᠶ᠃ ᠡᠭᠦᠨ ᠤ ᠬᠠᠮᠲᠤ ᠨᠡᠶᠢᠭᠡᠮ ᠤᠨ ᠬᠦᠴᠦᠨ ᠢ ᠬᠦᠢᠴᠡᠳ ᠳᠠᠶᠢᠴᠢᠯᠠᠵᠤ᠂ ᠣᠯᠠᠨ ᠠᠷᠭ᠎ᠠ ᠵᠠᠮ ᠢᠶᠠᠷ | ᠡᠷᠡᠭᠦᠯᠵᠢᠬᠦᠯᠵᠦ ᠠᠪᠤᠷᠠᠨ ᠲᠤᠰᠠᠯᠠᠬᠤ ᠪᠡᠯᠡ ᠮᠥᠩᠭᠦ ᠬᠤᠷᠠᠮᠳᠤᠭᠤᠯᠬᠤ ᠬᠡᠷᠡᠭᠲᠡᠶ᠃ | ᠲᠠᠪᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ ᠵᠡᠮᠳᠡᠭ ᠬᠡᠤᠬᠡᠳ ᠢ ᠡᠷᠡᠭᠦᠯᠵᠢᠭᠦᠯᠵᠦ | ᠠᠪᠤᠷᠠᠨ ᠲᠤᠰᠠᠯᠠᠬᠤ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠬᠠᠷᠢᠭᠤᠴᠠᠬᠤ | ᠳᠦᠷᠢᠮ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠡᠮᠳᠡᠭ ᠬᠡᠤᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠠᠰᠠᠭ ᠤᠨ | ᠣᠷᠳᠣᠨ ᠤ ᠬᠠᠷᠠᠯᠲᠠ ᠶᠢᠨ ᠬᠠᠮᠢᠶᠠᠷᠤᠯᠳᠠ ᠪᠠ ᠠᠵᠢᠯ ᠤᠨ ᠪᠦᠳᠦᠮᠵᠢ ᠶᠢᠨ ᠰᠢᠯᠭᠠᠯᠲᠠ ᠶᠢᠨ ᠴᠢᠬᠤᠯᠠ ᠡᠭᠦᠷᠭᠡ | ᠪᠣᠯᠭᠠᠵᠤ᠂ ᠬᠠᠷᠢᠭᠤᠴᠠᠵᠤ ᠬᠢᠭᠰᠡᠨ ᠦᠭᠡᠢ᠂ ᠤᠳᠠᠭᠠᠨ ᠬᠢᠭᠰᠡᠨ᠂ ᠲᠤᠷ᠎ᠠ ᠪᠠᠷ ᠢᠶᠠᠨ ᠬᠢᠭᠰᠡᠨ ᠨᠢᠭᠡᠴᠡ ᠪᠠ ᠬᠤᠪᠢ | ᠬᠦᠮᠦᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ | ᠬᠠᠤᠯᠢ ᠴᠠᠭᠠᠵᠠ ᠶᠢ ᠵᠦᠷᠢᠴᠡᠭᠰᠡᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠵᠡᠮᠳᠡᠭᠴᠦᠳ ᠤᠨ ᠬᠤᠯᠪᠤᠭᠠᠳᠤ | ᠬᠤᠷᠠᠯ ᠤᠨ ᠵᠤᠬᠢᠶᠠᠨ ᠪᠠᠶᠢᠭᠤᠯᠤᠯᠳᠠ ᠵᠡᠮᠳᠡᠭ ᠬᠡᠤᠬᠡᠳ ᠢ ᠰᠢᠭᠰᠢᠨ ᠪᠠᠶᠢᠴᠠᠭᠠᠬᠤ᠂ ᠠᠪᠤᠷᠠᠨ ᠲᠤᠰᠠᠯᠠᠬᠤ ᠡᠲᠡᠭᠡᠳ ᠢ | ᠬᠢᠨᠠᠨ ᠬᠠᠷᠭᠤᠭᠤᠯᠬᠤ᠂ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠶᠢ ᠵᠥᠪᠰᠢᠶᠡᠷᠡᠨ ᠣᠷᠣᠭᠤᠯᠬᠤ᠂ ᠦᠨᠡᠯᠡᠨ | ᠵᠢᠱᠢᠬᠦ᠂ ᠤᠬᠤᠷᠢᠨ ᠭᠠᠷᠬᠤ ᠪᠠ ᠶᠡᠷᠦᠩᠬᠡᠶᠢᠯᠡᠨ ᠬᠢᠨᠠᠨ ᠬᠠᠮᠢᠶᠠᠷᠬᠤ ᠵᠢᠴᠢ ᠡᠷᠡᠭᠦᠯᠵᠢᠬᠦᠯᠵᠦ ᠠᠪᠤᠷᠠᠨ ᠲᠤᠰᠠᠯᠠᠬᠤ | ᠠᠵᠢᠯ ᠤᠨ ᠤᠬᠠᠭᠤᠯᠭ᠎ᠠ᠂ ᠪᠤᠯᠪᠠᠰᠤᠷᠠᠭᠤᠯᠤᠯ᠂ ᠵᠢᠯᠤᠭᠤᠳᠤᠮᠵᠢ᠂ ᠦᠨᠡᠯᠡᠨ ᠵᠢᠱᠢᠯᠲᠡ᠂ ᠪᠠᠶᠢᠴᠠᠭᠠᠯᠳᠠ ᠵᠡᠷᠭᠡ | ᠠᠵᠢᠯ ᠢ ᠨᠢᠭᠡᠳᠦᠯᠳᠡᠢ ᠲᠤᠬᠢᠷᠠᠭᠤᠯᠤᠨ ᠵᠤᠬᠢᠴᠠᠭᠤᠯᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ | ᠡᠷᠡᠭᠦᠯᠵᠢᠭᠦᠯᠵᠦ ᠠᠪᠤᠷᠠᠨ ᠲᠤᠰᠠᠯᠠᠬᠤ ᠪᠡᠯᠡ ᠮᠥᠩᠭᠦ ᠪᠠ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ | ᠣᠷᠣᠭᠤᠯᠵᠤ᠂ ᠳᠡᠭᠡᠳᠦ ᠱᠠᠲᠤᠨ ᠠᠴᠠ ᠰᠠᠯᠭᠠᠵᠤ ᠦᠭᠭᠦᠭᠰᠡᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ | ᠡᠷᠡᠭᠦᠯᠵᠢᠬᠦᠯᠵᠦ ᠠᠪᠤᠷᠠᠨ ᠲᠤᠰᠠᠯᠠᠬᠤ ᠪᠡᠯᠡ ᠮᠥᠩᠭᠦ ᠶᠢᠨ ᠬᠡᠷᠡᠭᠯᠡᠬᠦ ᠶᠢ ᠪᠠᠶᠢᠴᠠᠭᠠᠵᠤ᠂ ᠬᠢᠨᠠᠯᠲᠠ ᠲᠠᠯᠪᠢᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡ ᠡᠷᠡᠭᠦᠯᠵᠢᠯ ᠤᠨ ᠪᠠᠶᠢᠭᠤᠯᠤᠮᠵᠢ ᠶᠢᠨ | ᠬᠠᠮᠢᠶᠠᠷᠬᠤ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ | ᠠᠵᠢᠯᠲᠠᠨ ᠤ ᠡᠷᠡᠭᠦᠯᠵᠢᠯ ᠤᠨ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠶᠢ ᠬᠠᠷᠢᠭᠤᠴᠠᠨ᠎ᠠ︔ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠳᠤ ᠲᠦᠰᠢᠭᠯᠡᠨ ᠵᠡᠮᠳᠡᠭ ᠬᠡᠤᠬᠡᠳ ᠢ ᠰᠢᠭᠰᠢᠨ ᠪᠠᠶᠢᠴᠠᠭᠠᠬᠤ᠂ ᠳᠠᠩᠰᠠᠯᠠᠨ | ᠲᠡᠮᠳᠡᠭᠯᠡᠬᠦ᠂ ᠮᠡᠳᠡᠭᠦᠯᠬᠦ ᠳᠦᠷᠢᠮ ᠢ ᠪᠠᠶᠢᠭᠤᠯᠵᠤ᠂ ᠠᠳᠠᠯᠢ ᠱᠠᠲᠤᠨ ᠤ ᠵᠡᠮᠳᠡᠭᠴᠦᠳ ᠤᠨ ᠬᠤᠯᠪᠤᠭᠠᠳᠤ ᠬᠤᠷᠠᠯ ᠲᠠᠢ | ᠮᠡᠳᠡᠭᠡ ᠵᠠᠩᠭᠢ ᠶᠢ ᠬᠠᠮᠳᠤ ᠪᠠᠷ ᠡᠳ᠋ᠯᠡᠬᠦ ᠶᠢ ᠬᠡᠷᠡᠭᠵᠢᠬᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ | ᠡᠮᠴᠢᠯᠡᠭᠡ ᠶᠢᠨ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠲᠤᠭᠲᠠᠭᠰᠠᠨ ᠡᠮᠴᠢᠯᠡᠭᠡ | ᠡᠷᠡᠭᠦᠯᠵᠢᠯ ᠤᠨ ᠪᠠᠶᠢᠭᠤᠯᠤᠮᠵᠢ ᠳᠤ ᠬᠢᠨᠠᠯᠲᠠ ᠲᠠᠯᠪᠢᠵᠤ᠂ ᠲᠣᠭᠲᠠᠭᠠᠯ ᠳᠤ ᠨᠡᠶᠢᠴᠡᠭᠰᠡᠨ ᠵᠡᠮᠳᠡᠭ ᠬᠡᠤᠬᠡᠳ ᠢ | ᠡᠷᠡᠭᠦᠯᠵᠢᠭᠦᠯᠬᠦ ᠲᠥᠷᠥᠯ ᠵᠦᠢᠯ ᠢ ᠡᠮᠴᠢᠯᠡᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ | ᠤᠷᠤᠭᠤᠯᠬᠤ ᠶᠢ ᠬᠠᠷᠢᠭᠤᠴᠠᠨ᠎ᠠ︔ ᠵᠡᠮᠳᠡᠭ ᠬᠡᠤᠬᠡᠳ ᠤᠨ ᠡᠮᠴᠢᠯᠡᠭᠡ ᠡᠷᠡᠬᠦᠯᠵᠢᠯ ᠤᠨ ᠬᠡᠷᠡᠭᠴᠡᠭᠡ ᠶᠢ ᠦᠨᠳᠦᠰᠦᠯᠡᠨ | ᠂ ᠳᠠᠩᠰᠠ ᠲᠠᠶᠢᠯᠬᠤ ᠲᠦᠷᠦᠯ ᠵᠦᠢᠯ ᠢ ᠢᠳᠡᠭ ᠢᠳᠡᠭ ᠢᠶᠠᠷ ᠨᠡᠮᠡᠵᠦ᠂ ᠳᠠᠩᠰᠠ ᠲᠠᠶᠢᠯᠬᠤ ᠬᠠᠷᠢᠴᠠᠯ ᠢ | ᠲᠡᠭᠡᠭᠰᠢᠯᠡᠭᠦᠯᠵᠦ᠂ ᠲᠠᠩᠰᠠ ᠲᠠᠶᠢᠯᠬᠤ ᠶᠠᠪᠤᠴᠠ ᠶᠢ ᠳᠥᠭᠦᠮᠴᠢᠯᠡᠨ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠡᠷᠡᠭᠦᠯᠵᠢᠬᠦᠯᠵᠦ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠭᠰᠡᠨ ᠰᠤᠷᠭᠠᠭᠤᠯᠢ ᠶᠢᠨ ᠬᠠᠮᠢᠶᠠᠷᠤᠯᠲᠠ ᠶᠢ | ᠴᠢᠩᠭᠠᠳᠬᠠᠬᠤ ᠶᠢ ᠬᠠᠷᠢᠭᠤᠴᠠᠵᠤ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ︵ᠬᠡᠤᠬᠡᠳ ᠤᠨ ᠴᠡᠴᠡᠷᠯᠢᠭ︶ | ᠶᠢᠨ ᠵᠡᠮᠳᠡᠭ ᠬᠡᠤᠬᠡᠳ ᠢ ᠡᠷᠡᠭᠦᠯᠵᠢᠭᠦᠯᠬᠦ ᠠᠵᠢᠯ ᠥᠷᠨᠢᠭᠦᠯᠬᠦ ᠶᠢ ᠲᠡᠮᠵᠢᠵᠦ᠂ ᠡᠷᠡᠭᠦᠯᠵᠢᠭᠰᠡᠨ ᠤ ᠳᠠᠷᠠᠭᠠᠬᠢ ᠵᠡᠮᠳᠡᠭ | ᠬᠡᠤᠬᠡᠳ ᠡᠩ ᠤᠨ ᠪᠠᠭ᠎ᠠ ᠰᠤᠷᠭᠠᠭᠤᠯᠢ ᠪᠤᠶᠤ ᠬᠡᠤᠬᠡᠳ ᠤᠨ ᠴᠡᠴᠡᠷᠯᠢᠭ ᠲᠤ ᠣᠷᠣᠵᠤ ᠰᠤᠷᠤᠯᠴᠠᠬᠤ ᠳᠤ ᠪᠠᠲᠤᠯᠠᠭ᠎ᠠ | ᠬᠠᠩᠭᠠᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠰᠠᠷᠠᠮᠵᠢ ᠶᠢᠨ ᠪᠠᠶᠢᠭᠤᠯᠤᠮᠵᠢ ᠶᠢᠨ ᠵᠡᠮᠳᠡᠭ ᠬᠡᠤᠬᠡᠳ ᠢ | ᠠᠪᠤᠷᠠᠨ ᠲᠤᠰᠠᠯᠠᠬᠤ ᠠᠵᠢᠯ ᠢ ᠬᠠᠷᠢᠭᠤᠴᠠᠵᠤ᠂ ᠠᠰᠠᠷᠠᠮᠵᠢ ᠶᠢᠨ ᠪᠠᠶᠢᠭᠤᠯᠤᠮᠵᠢ ᠶᠢᠨ ᠲᠤᠳᠤᠷᠠᠬᠢ ᠡᠷᠡᠭᠦᠯᠵᠢᠬᠦᠯᠬᠦ | ᠴᠡᠭ ᠢ ᠵᠤᠬᠢᠶᠠᠨ ᠪᠠᠶᠢᠭᠤᠯᠵᠤ ᠬᠠᠮᠢᠶᠠᠷᠬᠤ ᠪᠠ ᠪᠦᠳᠦᠮᠵᠢᠳᠡᠢ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠵᠡᠮᠳᠡᠭ | ᠬᠡᠤᠬᠡᠳ ᠤᠨ ᠬᠦᠴᠢᠷᠳᠡᠯᠲᠡᠶ ᠭᠡᠷ ᠪᠦᠯᠢ ᠶᠢ ᠠᠪᠤᠷᠠᠨ ᠲᠤᠰᠠᠯᠠᠬᠤ ᠪᠠᠨ ᠴᠢᠩᠭᠠᠳᠬᠠᠨ᠎ᠠ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠤᠯᠬᠦᠢ ᠦᠢᠯᠡᠳᠪᠦᠷᠢᠯᠡᠯ ᠤᠨ ᠠᠵᠢᠯ ᠳᠤ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠰᠠᠯᠠᠭ᠎ᠠ ᠮᠦᠴᠢᠷ ᠵᠡᠮᠳᠡᠭ | ᠬᠡᠦᠭᠡᠳ ᠢ ᠡᠷᠡᠭᠦᠯᠵᠢᠬᠦᠯᠬᠦ ᠶᠢ ᠤᠨᠤᠪᠴᠢᠳᠠᠢ ᠪᠠᠷ ᠶᠠᠳᠠᠭᠤ ᠶᠢ ᠲᠡᠳᠬᠦᠬᠦ ᠪᠠ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢ ᠶᠠᠳᠠᠭᠤ | ᠬᠦᠴᠢᠷᠳᠡᠯᠲᠡᠶ ᠵᠡᠮᠳᠡᠭ ᠬᠡᠤᠬᠡᠳ ᠲᠡᠰᠢ ᠬᠡᠯᠪᠠᠶᠢᠯᠭᠡᠬᠦ ᠶᠢ ᠪᠠᠳᠤᠯᠠᠵᠤ᠂ ᠶᠠᠳᠠᠭᠤ ᠬᠦᠴᠢᠷᠳᠡᠯᠲᠡᠶ ᠵᠡᠮᠳᠡᠭ ᠬᠡᠤᠬᠡᠳ ᠤᠨ | ᠦᠨᠳᠦᠰᠦᠨ ᠵᠦᠢᠯ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠲᠠᠩᠰᠠᠯᠠᠵᠤ ᠺᠠᠷᠳ᠋ᠯᠠᠭᠰᠠᠨ ᠵᠡᠮᠳᠡᠭ ᠬᠡᠤᠬᠡᠳ ᠤᠨ | ᠭᠡᠷ ᠪᠦᠯᠢ ᠳᠤ ᠤᠨᠴᠠᠭᠠᠢ ᠲᠡᠮᠵᠢᠯᠭᠡ ᠦᠵᠡᠭᠦᠯᠬᠦ ᠬᠡᠷᠡᠭᠲᠡᠶ᠃ | ︵ᠬᠤᠶᠠᠷ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 1. ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠡᠮᠳᠡᠭ ᠬᠡᠦᠬᠡᠳ ᠢ ᠰᠢᠭᠰᠢᠨ ᠪᠠᠶᠢᠴᠠᠭᠠᠬᠤ | ᠠᠵᠢᠯ ᠢ ᠲᠤᠭᠲᠠᠭᠰᠠᠨ ᠬᠤᠭᠤᠴᠠᠭ᠎ᠠ ᠲᠠᠢ ᠪᠠᠷ ᠥᠷᠨᠢᠭᠦᠯᠵᠦ᠂ ᠰᠢᠭᠰᠢᠨ ᠪᠠᠶᠢᠴᠠᠭᠠᠭᠰᠠᠨ ᠳᠠᠩᠰᠠ ᠡᠪᠬᠡᠮᠡᠯ | ᠪᠠᠶᠢᠭᠤᠯᠵᠤ᠂ ᠵᠡᠮᠳᠡᠭ ᠬᠡᠤᠬᠡᠳ ᠤᠨ ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠳᠤ ᠦᠨᠡᠨ ᠨᠡᠷ᠎ᠡ ᠶᠢᠨ | ᠲᠦᠷᠢᠮᠳᠦ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠨ᠎ᠡ᠃ ᠲᠤᠭᠲᠠᠭᠰᠠᠨ | ᠡᠷᠡᠭᠦᠯᠵᠢᠯ ᠤᠨ ᠪᠠᠶᠢᠭᠤᠯᠤᠮᠵᠢ ᠤᠯᠤᠰ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠲᠠᠩᠰᠠ ᠡᠪᠬᠡᠮᠡᠯ ᠤᠨ | ᠬᠠᠮᠢᠶᠠᠷᠤᠯᠲᠠ᠂ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠵᠡᠷᠭᠡ ᠲᠦᠷᠢᠮ ᠢ ᠪᠠᠶᠢᠭᠤᠯᠤᠨ ᠪᠦᠷᠢᠨᠰᠢᠭᠦᠯᠵᠦ᠂ | ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠠᠩᠰᠠ ᠡᠪᠬᠡᠮᠡᠯ ᠢ ᠪᠠᠶᠢᠭᠤᠯᠵᠤ᠂ ᠨᠢᠭᠡ ᠬᠥᠮᠦᠨ ᠳᠤ | ᠨᠢᠭᠡ ᠳᠠᠩᠰᠠ ᠡᠪᠬᠡᠮᠡᠯ ᠲᠠᠢ ᠪᠣᠯᠭᠠᠬᠤ ᠬᠡᠷᠡᠭᠲᠡᠶ᠃ | 2. ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠨ᠎ᠠ᠃ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠬᠢᠭᠡᠳ ᠡᠮᠴᠢᠯᠡᠭᠡ᠂ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠳᠤᠷᠠᠯᠴᠠᠭᠠᠨ ᠤ | ᠲᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠡᠷᠡᠬᠦᠯᠵᠢᠯ ᠤᠨ ᠪᠠᠶᠢᠭᠤᠯᠤᠮᠵᠢ | ᠬᠤᠭᠤᠷᠤᠨᠳᠤ ᠪᠠᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠵᠠᠮ ᠮᠦᠷ ᠪᠠ ᠠᠷᠭ᠎ᠠ ᠬᠡᠮᠵᠢᠶ᠎ᠡ ᠶᠢ ᠰᠦᠪᠡᠭᠴᠢᠯᠡᠵᠦ᠂ | ᠵᠡᠮᠳᠡᠭ ᠬᠡᠤᠬᠡᠳ᠂ ᠰᠤᠷᠤᠭᠴᠢᠳ ᠲᠤ ᠬᠠᠨᠳᠤᠯᠭᠠᠲᠤ ᠴᠢᠨᠠᠷᠲᠠᠶ ᠣᠨᠴᠠᠭᠠᠶ ᠰᠤᠷᠭᠠᠨ ᠬᠥᠮᠦᠵᠢᠯ ᠪᠠ ᠡᠷᠡᠭᠦᠯᠵᠢᠯ ᠤᠨ | ᠪᠤᠯᠪᠠᠰᠤᠷᠠᠯ ᠢ ᠬᠡᠷᠡᠭᠵᠢᠭᠦᠯᠵᠦ᠂ ᠡᠮᠴᠢᠯᠡᠭᠡᠨ ᠤ ᠰᠤᠷᠭᠠᠨ ᠬᠦᠮᠦᠵᠢᠯ ᠪᠠ ᠡᠷᠡᠭᠦᠯᠵᠢᠯ ᠤᠨ ᠰᠤᠷᠭᠠᠨ ᠬᠦᠮᠦᠵᠢᠯ ᠢ | ᠤᠶᠠᠯᠳᠤᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠣᠨᠴᠠᠭᠠᠶ ᠰᠤᠷᠭᠠᠨ ᠬᠥᠮᠦᠵᠢᠯ ᠤᠨ | ᠰᠤᠷᠭᠠᠭᠤᠯᠢ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠵᠡᠷᠭᠡ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠳᠤ | ᠡᠷᠡᠭᠦᠯᠵᠢᠬᠦ ᠪᠣᠯᠪᠠᠰᠤᠷᠠᠯ ᠤᠨ ᠲᠤᠰᠠᠯᠠᠮᠵᠢ ᠬᠥᠷᠲᠡᠭᠰᠡᠨ ᠪᠦᠭᠡᠳ ᠣᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠥᠬᠦᠪᠥᠷᠢ ᠪᠠ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠨᠤᠷᠮᠠᠳᠤ ᠨᠥᠬᠦᠪᠥᠷᠢ ᠶᠢᠨ ᠲᠥᠷᠥ ᠶᠢᠨ ᠪᠣᠳᠤᠯᠭ᠎ᠠ ᠶᠢ ᠡᠳ᠋ᠯᠡᠭᠰᠡᠨ ᠵᠡᠮᠳᠡᠭ ᠬᠡᠤᠬᠡᠳ ᠤᠨ ᠪᠣᠳᠠᠲᠤ ᠪᠠᠶᠢᠳᠠᠯ ᠢ | ᠦᠨᠳᠦᠰᠦᠯᠡᠨ ᠲᠤᠭᠲᠠᠭᠰᠠᠨ ᠲᠤᠭ᠎ᠠ ᠪᠤᠶᠤ ᠵᠦᠷᠢᠶᠡᠳᠦ ᠲᠤᠭ᠎ᠠ ᠶᠢᠨ ᠨᠦᠬᠦᠪᠦᠷᠢ ᠣᠯᠭᠤᠨ᠎ᠠ᠃ ᠨᠢᠭᠡᠨᠲᠡ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ | ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶ᠎ᠡ ᠵᠢᠴᠢ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠳᠤ | ᠤᠷᠤᠭᠤᠯᠤᠭᠰᠠᠨ ᠳᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠯᠲᠠ ᠪᠤᠶᠤ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ | ᠲᠦᠷᠦᠯ ᠵᠦᠢᠯ ᠤᠨ ᠪᠡᠯᠡ ᠮᠥᠩᠭᠦ ᠠᠴᠠ ᠲᠥᠷᠥ ᠶᠢᠨ ᠪᠤᠳᠤᠯᠭ᠎ᠠ ᠶᠢᠨ ᠲᠤᠭᠲᠠᠭᠠᠯ ᠶᠣᠰᠣᠭᠠᠷ ᠤᠷᠢᠳᠠᠪᠠᠷ ᠳ᠋ᠦᠩᠨᠡᠨ | ᠪᠣᠳᠣᠵᠤ᠂ ᠳ᠋ᠦᠩᠨᠡᠨ ᠪᠣᠳᠣᠭᠰᠠᠨ ᠤ ᠳᠠᠷᠠᠭᠠᠬᠢ ᠠᠪᠤᠷᠠᠨ ᠲᠤᠰᠠᠯᠠᠬᠤ ᠡᠲᠡᠭᠡᠳ ᠤᠨ ᠥᠪᠡᠷ ᠢᠶᠠᠨ ᠥᠭᠬᠦ ᠬᠡᠰᠡᠭ ᠢ | ᠳᠠᠬᠢᠨ ᠡᠷᠡᠭᠦᠯᠵᠢᠬᠦᠯᠵᠦ ᠠᠪᠤᠷᠠᠨ ᠲᠤᠰᠠᠯᠠᠬᠤ ᠪᠡᠯᠡ ᠮᠥᠩᠭᠦ ᠠᠴᠠ ᠪᠣᠳᠠᠲᠠᠶ ᠶᠢ ᠨᠢ ᠦᠨᠳᠦᠰᠦᠯᠡᠨ ᠲᠣᠭᠲᠠᠭᠰᠠᠨ | ᠲᠤᠭ᠎ᠠ ᠪᠤᠶᠤ ᠵᠥᠷᠢᠶᠡᠲᠦ ᠲᠤᠭ᠎ᠠ ᠶᠢᠨ ᠨᠥᠬᠦᠪᠥᠷᠢ ᠣᠯᠭᠤᠨ᠎ᠠ᠂ ᠭᠡᠪᠡᠴᠦ ᠲᠤᠰ ᠭᠠᠵᠠᠷ ᠣᠷᠣᠨ ᠤ ᠬᠠᠮᠤᠭ ᠤᠨ | ᠥᠨᠳᠥᠷ ᠠᠪᠤᠷᠠᠨ ᠲᠤᠰᠠᠯᠠᠬᠤ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠶ᠃ | 3. ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠲᠣᠭᠤᠷᠢᠭ ᠨᠢ ᠲᠣᠰ ᠬᠠᠷᠢᠶ᠎ᠠ ᠣᠷᠣᠨ ᠤ ᠪᠠᠨ ᠵᠡᠮᠳᠡᠭᠴᠦᠳ ᠤᠨ ᠲᠤᠭ᠎ᠠ᠂ ᠲᠠᠷᠬᠠᠯᠳᠠ ᠶᠢᠨ ᠪᠠᠶᠢᠳᠠᠯ᠂ | ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠡᠷᠡᠭᠦᠯᠵᠢᠯ ᠤᠨ ᠪᠠᠶᠢᠭᠤᠯᠤᠮᠵᠢ | ᠲᠤᠬᠢᠷᠠᠭᠤᠯᠬᠤ ᠲᠦᠯᠦᠪᠵᠢᠬᠦᠯᠭᠡ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠷᠡᠭᠦᠯᠵᠢᠯ ᠤᠨ | ᠪᠠᠶᠢᠭᠤᠯᠤᠮᠵᠢ ᠪᠠᠶᠢᠭᠤᠯᠵᠤ᠂ ᠡᠷᠡᠭᠦᠯᠵᠢᠯ ᠤᠨ ᠪᠠᠶᠢᠭᠤᠯᠤᠮᠵᠢ ᠲᠤᠬᠢᠷᠠᠭᠤᠯᠬᠤ ᠶᠢ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮᠵᠢ ᠶᠢᠨ ᠲᠥᠯᠥᠪᠵᠢᠭᠦᠯᠭᠡ ᠳᠤ ᠣᠷᠣᠭᠤᠯᠵᠤ᠂ ᠨᠡᠶᠢᠭᠡᠮ ᠤᠨ ᠬᠦᠴᠦᠨ ᠡᠷᠡᠭᠦᠯᠵᠢᠯ ᠤᠨ | ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠳᠤ ᠪᠡᠯᠡ ᠤᠷᠤᠭᠤᠯᠬᠤ ᠶᠢ ᠲᠡᠮᠵᠢᠵᠦ᠂ ᠣᠯᠠᠨ ᠵᠦᠢᠯ ᠤᠨ | ᠬᠡᠯᠪᠡᠷᠢ ᠪᠠᠷ ᠡᠷᠡᠭᠦᠯᠵᠢᠯ ᠤᠨ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠵᠡᠮᠳᠡᠭ ᠬᠡᠤᠬᠡᠳ ᠢ | ᠡᠷᠡᠭᠦᠯᠵᠢᠭᠦᠯᠬᠦ ᠠᠵᠢᠯ ᠢ ᠴᠢᠬᠤᠯᠠᠴᠢᠯᠠᠵᠤ᠂ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠶ᠃ | 4. ᠡᠷᠡᠭᠦᠯᠵᠢᠭᠦᠯᠬᠦ ᠴᠢᠳᠠᠪᠤᠷᠢᠲᠠᠨ ᠢ ᠬᠥᠮᠦᠵᠢᠭᠦᠯᠦᠨ᠎ᠡ᠃ ᠬᠤᠰᠢᠭᠤ ᠰᠢᠶᠠᠨ ᠲᠣᠭᠤᠷᠢᠭ ᠤᠨ ᠲᠡᠰ ᠤᠨ | ᠵᠡᠮᠳᠡᠭᠴᠦᠳ ᠤᠨ ᠬᠤᠯᠪᠣᠭᠠᠲᠤ ᠬᠤᠷᠠᠯ ᠲᠤᠰᠬᠠᠶ ᠬᠥᠮᠦᠨ ᠲᠣᠬᠢᠷᠠᠭᠤᠯᠵᠤ ᠠᠪᠤᠷᠠᠨ ᠲᠤᠰᠠᠯᠠᠭᠤᠯᠬᠤ | ᠭᠤᠶᠤᠴᠢᠯᠠᠯᠲᠠ᠂ ᠬᠢᠨᠠᠨ ᠬᠠᠷᠭᠤᠭᠤᠯᠬᠤ ᠵᠡᠷᠭᠡ ᠠᠵᠢᠯ ᠢ ᠬᠠᠷᠢᠭᠤᠴᠠᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ | ᠡᠷᠡᠭᠦᠯᠵᠢᠭᠦᠯᠬᠦ ᠴᠢᠳᠠᠪᠤᠷᠢᠲᠠᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠲᠣᠰ ᠭᠠᠵᠠᠷ | ᠣᠷᠣᠨ ᠤ ᠪᠠᠨ ᠡᠷᠡᠭᠦᠯᠵᠢᠬᠦᠯᠬᠦ ᠭᠤᠤᠯᠯᠠᠭᠴᠢ ᠴᠢᠳᠠᠪᠤᠷᠢᠲᠠᠨ ᠢ ᠪᠣᠯᠪᠠᠰᠤᠷᠠᠭᠤᠯᠬᠤ ᠲᠥᠯᠥᠪᠯᠡᠭᠡ ᠪᠠ ᠣᠷᠮᠠᠰᠢᠭᠤᠯᠤᠨ | ᠵᠤᠷᠢᠭᠵᠢᠭᠤᠯᠬᠤ ᠠᠷᠭ᠎ᠠ ᠬᠡᠮᠵᠢᠶ᠎ᠡ ᠶᠢ ᠲᠤᠭᠲᠠᠭᠠᠵᠤ᠂ ᠬᠠᠮᠢᠶ᠎ᠠ ᠪᠦᠬᠦᠢ ᠪᠠᠶᠢᠭᠤᠯᠤᠮᠵᠢ ᠳᠤ ᠨᠠᠶᠢᠳᠠᠵᠤ | ᠴᠢᠳᠠᠪᠤᠷᠢᠲᠠᠨ ᠢ ᠬᠥᠮᠦᠵᠢᠭᠦᠯᠦᠨ᠎ᠡ᠃ ᠨᠡᠶᠢᠭᠡᠮ ᠤᠨ ᠬᠦᠴᠦᠨ ᠠᠴᠠ ᠪᠠᠶᠢᠭᠤᠯᠤᠭᠰᠠᠨ ᠡᠷᠡᠭᠦᠯᠵᠢᠯ ᠤᠨ | ᠪᠠᠶᠢᠭᠤᠯᠤᠮᠵᠢ ᠳᠤ᠂ ᠵᠦᠪᠰᠢᠶᠡᠷᠡᠭᠦᠯᠦᠨ ᠤᠷᠤᠬᠤ᠂ ᠠᠵᠢᠯ ᠡᠷᠬᠢᠯᠡᠬᠦ᠂ ᠲᠤᠰᠬᠠᠶ ᠮᠡᠷᠭᠡᠵᠢᠯ ᠤᠨ ᠠᠵᠢᠯᠲᠠᠨ ᠤ | ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠠᠰᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠳᠤ | ᠡᠳ᠋ ᠤᠨ ᠵᠠᠰᠠᠭ ᠤᠨ ᠭᠠᠶᠢᠯᠢ ᠶᠢᠨ ᠲᠡᠳᠬᠦᠮᠵᠢ ᠦᠵᠡᠭᠦᠯᠬᠦ᠂ ᠵᠠᠰᠠᠭ ᠤᠨ ᠣᠷᠳᠣᠨ ᠠᠴᠠ ᠦᠢᠯᠡᠴᠢᠯᠡᠭᠡ | ᠬᠤᠳᠠᠯᠳᠤᠨ ᠠᠪᠬᠤ ᠵᠡᠷᠭᠡ ᠲᠠᠯ᠎ᠠ ᠪᠠᠷ᠂ ᠵᠠᠰᠠᠭ ᠤᠨ ᠣᠷᠳᠣᠨ ᠠᠴᠠ ᠪᠠᠶᠢᠭᠤᠯᠤᠭᠰᠠᠨ ᠡᠷᠡᠭᠦᠯᠵᠢᠯ ᠤᠨ | ᠪᠠᠶᠢᠭᠤᠯᠤᠮᠵᠢ ᠲᠠᠢ ᠠᠳᠠᠯᠢᠬᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠳᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠲᠣᠰᠬᠤᠨ ᠤ ︵ᠰᠠᠭᠤᠭᠠᠯᠢ ᠠᠷᠠᠳ ᠤᠨ︶ ᠵᠥᠪᠯᠡᠯ ᠪᠠ ᠨᠡᠶᠢᠭᠡᠮ ᠤᠨ ᠠᠵᠢᠯᠲᠠᠨ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ᠤ ︵ | ᠰᠠᠭᠤᠭᠠᠯᠢ ᠠᠷᠠᠳ ᠤᠨ︶ ᠵᠥᠪᠯᠡᠯ ᠤᠨ ᠵᠡᠮᠳᠡᠭᠴᠦᠳ ᠤᠨ ᠲᠤᠰᠬᠠᠢ ᠲᠤᠰᠢᠶᠠᠯᠳᠤ ᠭᠡᠰᠢᠭᠦᠨ ᠵᠡᠷᠭᠡ ᠨᠡᠶᠢᠭᠡᠮ ᠤᠨ | ᠬᠦᠴᠦᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠵᠡᠮᠳᠡᠭ ᠢ ᠢᠯᠡᠷᠡᠭᠦᠯᠦᠨ ᠮᠡᠳᠡᠭᠳᠡᠬᠦ᠂ ᠬᠠᠪᠰᠤᠷᠤᠨ ᠠᠪᠤᠷᠠᠨ | ᠲᠤᠰᠠᠯᠠᠯᠲᠠ ᠭᠤᠶᠤᠴᠢᠯᠠᠬᠤ᠂ ᠡᠷᠡᠭᠦᠯᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠰᠠᠶᠢᠳᠤᠷ ᠬᠢᠬᠦ | ᠬᠡᠷᠡᠭᠳᠡᠢ᠃ | 5. ᠠᠪᠤᠷᠠᠨ ᠲᠤᠰᠠᠯᠠᠬᠤ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ | ᠬᠤᠰᠢᠭᠤ ᠰᠢᠶᠠᠨ ᠲᠣᠭᠤᠷᠢᠭ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠶᠠᠪᠤᠴᠠ ᠶᠢ ᠲᠤᠬᠠᠢ ᠶᠢᠨ | ᠴᠠᠭ ᠲᠤ ᠨᠢ ᠬᠢᠨᠠᠨ ᠬᠡᠮᠵᠢᠵᠦ᠂ ᠠᠪᠤᠷᠠᠨ ᠲᠤᠰᠠᠯᠠᠯᠲᠠ ᠬᠦᠷᠲᠡᠵᠦ ᠪᠠᠶᠢᠭ᠎ᠠ ᠭᠡᠦᠭᠡᠳ ᠤᠨ ᠡᠷᠡᠭᠦᠯᠵᠢᠯ ᠤᠨ ᠦᠷ᠎ᠡ | ᠪᠦᠲᠦᠮᠵᠢ ᠶᠢ ᠦᠨᠡᠯᠡᠨ ᠲᠣᠭᠲᠠᠭᠠᠵᠤ᠂ ᠡᠷᠡᠭᠦᠯᠵᠢᠬᠦᠯᠵᠦ ᠠᠪᠤᠷᠠᠨ ᠲᠤᠰᠠᠯᠠᠬᠤ ᠶᠢ ᠲᠦᠷᠢᠮᠵᠢᠬᠦᠯᠬᠦ ᠬᠢᠷᠢ | ᠲᠥᠪᠰᠢᠨ ᠢ ᠲᠡᠭᠡᠭᠰᠢᠯᠡᠭᠦᠯᠦᠨ᠎ᠡ᠃ ᠡᠷᠡᠭᠦᠯᠵᠢᠬᠦᠯᠵᠦ ᠠᠪᠤᠷᠠᠨ ᠲᠤᠰᠠᠯᠠᠬᠤ ᠲᠥᠷᠥᠯ ᠵᠦᠢᠯ ᠤᠨ ᠠᠵᠢᠯ ᠤᠨ | ᠪᠦᠲᠦᠮᠵᠢ ᠶᠢ ᠦᠨᠡᠯᠡᠨ ᠵᠢᠱᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠱᠠᠲᠤ ᠦᠶ᠎ᠡ ᠶᠢᠨ ᠦᠨᠡᠯᠡᠨ ᠵᠢᠱᠢᠬᠦ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠬᠦ᠂ ᠡᠩ ᠤᠨ ᠦᠨᠡᠯᠡᠨ | ᠵᠢᠱᠢᠬᠦ ᠪᠠ ᠰᠤᠭᠤᠴᠢᠨ ᠪᠠᠶᠢᠴᠠᠭᠠᠵᠤ ᠦᠨᠡᠯᠡᠨ ᠵᠢᠱᠢᠬᠦ ᠶᠢ ᠬᠠᠷᠢᠯᠴᠠᠨ ᠤᠶᠠᠯᠳᠤᠭᠤᠯᠤᠭᠰᠠᠨ ᠦᠨᠡᠯᠡᠨ ᠵᠢᠱᠢᠬᠦ | ᠲᠣᠭᠲᠠᠴᠠ ᠶᠢ ᠪᠣᠢ ᠪᠣᠯᠭᠠᠨ᠎ᠠ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ | 1. ᠡᠯ᠎ᠡ ᠬᠤᠰᠢᠭᠤ ᠰᠢᠶᠠᠨ ᠲᠣᠭᠤᠷᠢᠭ ᠢᠯᠡ ᠪᠠᠷ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠵᠡᠮᠳᠡᠭ | ᠬᠡᠤᠬᠡᠳ ᠤᠨ ᠲᠤᠭᠲᠠᠭᠰᠠᠨ ᠡᠷᠡᠭᠦᠯᠵᠢᠬᠦᠯᠬᠦ ᠦᠢᠯᠡᠴᠢᠯᠡᠭᠡ᠂ ᠦᠨᠡᠯᠡᠨ ᠵᠢᠱᠢᠯᠲᠡ᠂ ᠤᠨᠤᠰᠢᠯᠠᠯᠲᠠ ᠶᠢᠨ | ᠪᠠᠶᠢᠭᠤᠯᠤᠮᠵᠢ ᠶᠢ ᠰᠤᠩᠭᠤᠨ ᠲᠤᠭᠲᠠᠭᠠᠨ᠎ᠠ᠃ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ᠂ ᠤᠬᠤᠷᠢᠨ ᠭᠠᠷᠬᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠵᠤ᠂ ᠶᠡᠷᠦᠩᠬᠡᠶᠢᠯᠡᠨ | ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠶᠢᠨ | ᠳᠣᠲᠣᠭᠠᠳᠤ ᠶᠢᠨ ᠬᠠᠮᠢᠶᠠᠷᠤᠯᠲᠠ ᠪᠠᠨ ᠲᠦᠷᠢᠮᠵᠢᠬᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠠᠶᠢᠵᠢᠷᠠᠭᠤᠯᠤᠨ᠂ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠶᠢ ᠨᠢ ᠵᠢᠯᠤᠭᠤᠳᠴᠤ᠂ ᠬᠠᠤᠯᠢ ᠲᠤᠭᠲᠠᠭᠠᠯ ᠢ | ᠵᠥᠷᠢᠴᠡᠭᠰᠡᠨ ᠦᠢᠯᠡ ᠠᠵᠢᠯᠯᠠᠭ᠎ᠠ ᠪᠠ ᠠᠶᠤᠯᠬᠦᠢ ᠶᠢᠨ ᠬᠠᠷᠢᠭᠤᠴᠠᠯᠭ᠎ᠠ ᠶᠢᠨ ᠬᠡᠷᠡᠭ ᠢ ᠴᠠᠭ ᠲᠤᠬᠠᠶ ᠳᠤᠨᠢ | ᠪᠠᠶᠢᠴᠠᠭᠠᠨ ᠰᠢᠢᠳᠪᠦᠷᠢᠯᠡᠵᠦ᠂ ᠵᠡᠮᠳᠡᠭ ᠬᠡᠤᠬᠡᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠡᠷᠡᠭᠦᠯᠵᠢᠯ ᠤᠨ ᠪᠠᠶᠢᠭᠤᠯᠤᠮᠵᠢ᠂ ᠠᠵᠢᠯᠲᠠᠨ ᠪᠠ ᠠᠪᠤᠷᠠᠨ ᠲᠤᠰᠠᠯᠠᠬᠤ ᠡᠳᠡᠭᠡᠳ ᠤᠨ ᠭᠡᠷ ᠪᠦᠯᠢ ᠶᠢ ᠪᠦᠷᠬᠦᠭᠰᠡᠨ | ᠦᠨᠡᠨᠴᠢ ᠢᠲᠡᠭᠡᠮᠵᠢ ᠶᠢᠨ ᠦᠨᠡᠯᠡᠯᠲᠡ ᠪᠠ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠬᠠᠷ᠎ᠠ ᠳᠠᠩᠰᠠ ᠶᠢᠨ ᠳᠦᠷᠢᠮ ᠢ ᠪᠠᠶᠢᠭᠤᠯᠵᠤ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ ᠪᠠ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢ | ᠰᠤᠯᠢᠯᠴᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠬᠠᠮᠢᠶᠠᠷᠤᠯᠳᠠ ᠮᠠᠭᠤ᠂ ᠡᠷᠡᠭᠦᠯᠵᠢᠬᠦᠯᠬᠦ ᠮᠡᠷᠭᠡᠵᠢᠯ ᠤᠨ ᠲᠡᠰ | ᠲᠠᠷᠠᠭᠠᠯᠠᠯ ᠢ ᠵᠦᠷᠢᠴᠡᠭᠰᠡᠨ᠂ ᠡᠷᠡᠭᠦᠯᠵᠢᠭᠦᠯᠦᠭᠰᠡᠨ ᠦᠷ᠎ᠡ ᠳ᠋ᠦᠩ ᠨᠢ ᠲᠣᠭᠲᠠᠭᠰᠠᠨ ᠪᠠᠷᠢᠮᠵᠢᠶ᠎ᠠ ᠳᠤ ᠬᠥᠷᠬᠦ ᠦᠭᠡᠢ | ᠪᠤᠶᠤ ᠠᠶᠤᠯᠬᠦᠢ ᠶᠢᠨ ᠭᠡᠮ ᠰᠣᠭᠤᠭ ᠤᠷᠤᠰᠢᠵᠤ ᠪᠠᠶᠢᠭ᠎ᠠ ᠲᠤᠭᠲᠠᠭᠰᠠᠨ ᠡᠷᠡᠭᠦᠯᠵᠢᠯ ᠤᠨ ᠪᠠᠶᠢᠭᠤᠯᠤᠮᠵᠢ ᠶᠢ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ᠂ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠮᠥᠨ ᠯᠡ ᠲᠣᠭᠲᠠᠭᠰᠠᠨ ᠪᠠᠷᠢᠮᠵᠢᠶ᠎ᠠ ᠳᠤ ᠬᠥᠷᠬᠦ ᠦᠭᠡᠢ ᠶᠢ ᠲᠤᠭᠲᠠᠭᠰᠠᠨ | ᠪᠠᠶᠢᠭᠤᠯᠤᠮᠵᠢ ᠶᠢᠨ ᠬᠢᠷᠢ ᠬᠡᠮ ᠢ ᠨᠢ ᠬᠠᠰᠤᠨ᠎ᠠ᠃ | 2. ᠡᠯ᠎ᠡ ᠬᠤᠰᠢᠭᠤ ᠰᠢᠶᠠᠨ ᠲᠣᠭᠤᠷᠢᠭ ᠡᠷᠡᠭᠦᠯᠵᠢᠬᠦᠯᠵᠦ ᠠᠪᠤᠷᠠᠨ ᠲᠤᠰᠠᠯᠠᠬᠤ ᠪᠡᠯᠡ ᠮᠥᠩᠭᠦ ᠶᠢᠨ | ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠭᠠᠯ ᠢ | ᠴᠢᠩᠭ᠎ᠠ ᠵᠢᠷᠤᠮᠯᠠᠨ ᠡᠷᠡᠭᠦᠯᠵᠢᠭᠦᠯᠵᠦ ᠠᠪᠤᠷᠠᠨ ᠲᠤᠰᠠᠯᠠᠬᠤ ᠪᠠᠯᠠ ᠮᠥᠩᠭᠦ ᠶᠢ ᠭᠡᠷᠡᠭᠯᠡᠵᠦ᠂ ᠰᠢᠬᠠᠨ ᠡᠵᠡᠯᠡᠬᠦ᠂ | ᠰᠢᠯᠵᠢᠬᠦᠯᠦᠨ ᠬᠡᠷᠡᠭᠯᠡᠬᠦ᠂ ᠮᠡᠬᠡᠯᠡᠵᠦ ᠠᠪᠬᠤ ᠵᠡᠷᠭᠡ ᠬᠠᠤᠯᠢ ᠲᠤᠭᠲᠠᠭᠠᠯ ᠢ ᠵᠦᠷᠢᠴᠡᠭᠰᠡᠨ ᠠᠵᠢᠯᠯᠠᠭ᠎ᠠ ᠶᠢ | ᠬᠤᠷᠢᠭᠯᠠᠨ᠎ᠠ᠃ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠭᠰᠠᠨ ᠪᠠ ᠪᠡᠯᠡ ᠮᠥᠩᠭᠦ ᠬᠤᠷᠠᠮᠳᠤᠭᠤᠯᠤᠨ | ᠬᠤᠪᠢᠶᠠᠷᠢᠯᠠᠵᠤ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠭᠠᠯ ᠶᠣᠰᠣᠭᠠᠷ ᠨᠡᠶᠢᠭᠡᠮ ᠳᠤ | ᠢᠯᠡ ᠨᠡᠶᠢᠲᠡᠯᠡᠨ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠬᠤᠳᠠᠯ ᠬᠠᠭᠤᠷᠮᠠᠭ ᠮᠠᠲ᠋ᠧᠷᠢᠶᠠᠯ ᠭᠠᠷᠭᠠᠵᠤ | ᠡᠷᠡᠭᠦᠯᠵᠢᠬᠦᠯᠵᠦ ᠠᠪᠤᠷᠠᠨ ᠲᠤᠰᠠᠯᠠᠬᠤ ᠮᠦᠩᠭᠦ ᠶᠢ ᠮᠡᠬᠡᠯᠡᠨ ᠠᠪᠤᠭᠰᠠᠨ ᠨᠢᠭᠡᠴᠡ ᠪᠠ ᠬᠤᠪᠢ ᠬᠦᠮᠦᠨ ᠢ ᠬᠠᠤᠯᠢ | ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︵ᠳᠥᠷᠪᠡ︶ ᠤᠬᠠᠭᠤᠯᠤᠨ ᠳᠠᠶᠢᠴᠢᠯᠠᠬᠤ ᠶᠢ ᠰᠠᠶᠢᠲᠤᠷ ᠬᠢᠨ᠎ᠠ ᠡᠯ᠎ᠡ ᠬᠤᠰᠢᠭᠤ ᠰᠢᠶᠠᠨ ᠲᠣᠭᠤᠷᠢᠭ ᠤᠳ | ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠡᠮᠳᠡᠭ ᠬᠡᠤᠬᠡᠳ ᠢ ᠡᠷᠡᠭᠦᠯᠵᠢᠬᠦᠯᠵᠦ | ᠠᠪᠤᠷᠠᠨ ᠲᠤᠰᠠᠯᠠᠬᠤ ᠲᠦᠷᠢᠮ ᠤᠨ ᠵᠣᠷᠢᠭ ᠰᠠᠨᠠᠭ᠎ᠠ ᠪᠠ ᠠᠭᠤᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠵᠡᠮᠳᠡᠭ | ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ ᠬᠡᠷᠡᠭᠵᠢᠬᠦᠯᠬᠦ | ᠬᠡᠷᠡᠭᠳᠡᠢ᠃ ᠡᠯ᠎ᠡ ᠱᠠᠳᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠵᠡᠮᠳᠡᠭ ᠬᠡᠦᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢ | ᠢᠳᠡᠪᠬᠢᠲᠡᠢ ᠰᠠᠶᠢᠲᠤᠷ ᠬᠢᠵᠦ᠂ ᠵᠡᠮᠳᠡᠭ ᠬᠡᠦᠭᠡᠳ ᠤᠨ ᠬᠠᠷᠠᠭᠠᠯᠵᠠᠨ ᠬᠠᠮᠠᠭᠠᠯᠠᠭᠴᠢ ᠳᠤ ᠬᠤᠯᠪᠤᠭᠳᠠᠯ ᠪᠦᠬᠦᠢ | ᠠᠭᠤᠯᠭ᠎ᠠ ᠶᠢ ᠣᠨᠣᠪᠴᠢᠲᠠᠶ ᠮᠡᠳᠡᠭᠦᠯᠵᠦ᠂ ᠭᠤᠶᠤᠴᠢᠯᠠᠬᠤ ᠦᠨᠳᠦᠰᠦᠨ ᠳᠡᠰ ᠳᠠᠷᠠᠭᠠᠯᠠᠯ ᠪᠠ ᠱᠠᠭᠠᠷᠳᠠᠯᠭ᠎ᠠ ᠶᠢ | ᠮᠡᠳᠡᠬᠦ ᠳᠤ ᠨᠢ ᠬᠠᠪᠰᠤᠷᠬᠤ ᠬᠡᠷᠡᠭᠳᠡᠢ᠃ ᠪᠦᠬᠦ ᠨᠡᠶᠢᠭᠡᠮ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ | ᠵᠡᠮᠳᠡᠭ ᠪᠣᠯᠬᠤ ᠶᠢ ᠰᠡᠷᠭᠡᠶᠢᠯᠡᠬᠦ ᠪᠠ ᠡᠷᠡᠭᠦᠯᠵᠢᠭᠦᠯᠬᠦ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠵᠡᠮᠳᠡᠭ ᠬᠡᠤᠬᠡᠳ ᠢ | ᠡᠷᠡᠭᠦᠯᠵᠢᠬᠦᠯᠵᠦ ᠠᠪᠤᠷᠠᠨ ᠲᠤᠰᠠᠯᠠᠬᠤ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ | ᠪᠦᠷᠢᠯᠳᠦᠬᠦᠯᠵᠦ ᠥᠭᠬᠦ ᠬᠡᠷᠡᠭᠳᠡᠢ᠃ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ 2018 | ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠪᠥᠬᠦ ᠲᠠᠯ᠎ᠠ ᠪᠠᠷ ᠬᠡᠷᠡᠭᠵᠢᠬᠦᠯᠪᠡ᠃ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃ | ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠳᠤ ᠪᠠᠷ ᠡᠯ᠎ᠡ ᠬᠤᠰᠢᠭᠤ ᠰᠢᠶᠠᠨ ᠲᠣᠭᠤᠷᠢᠭ ᠢ ᠰᠢᠮᠳᠠᠭᠤᠯᠤᠨ ᠵᠢᠯᠣᠭᠤᠳᠴᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ | ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠪᠠᠶᠢᠳᠠᠯ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠬᠦ ᠬᠡᠷᠡᠭᠳᠡᠢ᠃ | |