ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠶ ᠰᠢᠢᠳᠪᠦᠷᠢ
ᠨᠡᠶᠢᠲᠡᠯᠡᠭᠰᠡᠨ ᠴᠠᠭ᠄
2020-05-29
      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡᠬᠤᠷᠠᠯ ᠤᠨ ᠭᠤᠷᠪᠠᠳᠤᠭᠠᠷ ᠬᠤᠷᠠᠯ ᠠᠴᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠᠵᠠᠩ ᠵᠢᠶᠦ᠋ᠨ ᠤ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠦᠬᠡᠳ ᠬᠢᠨᠠᠨ ᠵᠦᠪᠯᠡᠪᠡ᠃ ᠬᠤᠷᠠᠯ ᠠᠴᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠢ ᠭᠦᠢᠴᠡᠳ ᠨᠤᠲᠠᠯᠠᠵᠤ᠂ ᠮᠡᠳᠡᠭᠦᠯᠦᠯᠳᠡ ᠳᠤ ᠳᠤᠷᠠᠳᠤᠭᠰᠠᠨ ᠬᠤᠶᠢᠰᠢᠳᠠ ᠶᠢᠨ ᠨᠢᠬᠡ ᠬᠤᠭᠤᠴᠠᠭᠠᠨ ᠤ ᠠᠵᠢᠯ ᠤᠨ ᠲᠤᠬᠢᠷᠠᠭᠤᠯᠤᠯᠳᠡ ᠶᠢ ᠵᠥᠪᠰᠢᠶᠡᠷᠡᠵᠦ᠂ ᠡᠨᠡ ᠬᠦ ᠮᠡᠳᠡᠭᠦᠯᠦᠯᠳᠡ ᠶᠢ ᠵᠥᠪᠰᠢᠶᠡᠷᠡᠬᠦ ᠪᠠᠷ ᠲᠣᠭᠲᠠᠵᠠᠢ᠃     ᠬᠤᠷᠠᠯ ᠠᠴᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ  ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ  ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠠᠷᠢᠴᠠᠯᠠᠰᠢᠭᠦᠢ  ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠨ᠂ ᠤᠯᠤᠰ ᠤᠨ ᠤᠯᠤᠰ ᠲᠦᠷᠦ ᠶᠢᠨ ᠠᠮᠤᠷ ᠲᠥᠪᠰᠢᠨ ᠢ ᠬᠦᠴᠦᠯᠡᠨᠬᠠᠮᠠᠭᠠᠯᠠᠵᠤ᠂ ᠠᠵᠤ ᠠᠬᠤᠢ ᠶᠢᠨ ᠬᠥᠭᠵᠢᠯᠲᠡ ᠪᠤᠯᠤᠨ ᠨᠡᠶᠢᠭᠡᠮ ᠤᠨ ᠲᠣᠭᠲᠠᠭᠤᠨ ᠤ ᠶᠡᠭᠡᠲᠠᠯ᠎ᠠ ᠶᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠨ᠂ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠴᠠᠭᠠᠷᠠᠭᠰᠠᠨ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠡᠷᠡᠭᠦᠤ ᠶᠢᠨ ᠬᠡᠷᠡᠭ᠂ ᠢᠷᠭᠡᠨ ᠤ ᠬᠡᠷᠡᠭ᠂ ᠵᠠᠰᠠᠭ  ᠵᠠᠬᠢᠷᠭ᠎ᠠ᠂  ᠨᠡᠶᠢᠲᠡ ᠶᠢᠨ ᠠᠰᠠᠷᠠᠮᠵᠢ ᠶᠢᠨ ᠵᠠᠭᠠᠯᠳᠤᠭ᠎ᠠ ᠶᠢᠨ ᠪᠠᠶᠢᠴᠠᠭᠠᠬᠤ ᠠᠵᠢᠯ ᠤᠨ ᠪᠦᠬᠦ ᠲᠠᠯ᠎ᠠ ᠪᠠᠷ  ᠵᠣᠬᠢᠴᠠᠩᠭᠤᠶ ᠮᠦᠷᠳᠡᠬᠡᠨ ᠭᠦᠢᠴᠡᠳ ᠬᠥᠭᠵᠢᠬᠦ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠲᠦ ᠲᠠᠶᠢᠯᠠᠯᠳᠤᠭᠠᠨ ᠬᠢᠵᠤ ᠰᠢᠢᠳᠪᠤᠷᠢᠳᠤ ᠢᠯᠠᠯᠲᠠ ᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠴᠢᠩᠭ᠎ᠠ ᠬᠦᠴᠦᠲᠡᠶ ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠬᠤ ᠬᠡᠷᠡᠭᠳᠠᠢ ᠭᠡᠵᠤ ᠱᠠᠭᠠᠷᠳᠠᠪᠠ᠃   ︵ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1