ᠲᠤᠭᠳᠠᠬᠤ ᠰᠢᠶᠠᠨ ᠪᠦᠬᠦ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-29
       5 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠭᠦᠸᠧ ᡁᠢ ᠭᠠᠩ ᠪᠦᠬᠦ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠶᠦᠨ ᠷᠦᠢ ᠵᠢᠶᠦ᠋ᠨ᠂ ᠲᠢᠶᠠᠨ ᠸᠧᠨ ᠭᠧ᠂ ᠶᠦᠨ ᠬᠠᠶ ᠯᠦᠩ᠂ ᠯᠢᠦ ᡁᠢ ᠴᠢᠶᠠᠩ᠂ ᠯᠦ ᠢᠦᠶ ᠵᠦᠩ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠰᠢᠨ᠎ᠡ ᠶᠢᠩᠽᠢ ᠪᠠᠯᠭᠠᠰᠤ᠂ ᠲᠠᠪᠢᠨ ᠭᠡᠷ ᠪᠠᠯᠭᠠᠰᠤ᠂ ᠭᠦ᠋ ᠴᠧᠩ ᠪᠠᠯᠭᠠᠰᠤ᠂ ᠦᠱᠧᠨ ᠪᠠᠯᠭᠠᠰᠤ᠂ ᠾᠧ ᠺᠸᠦ ᠶᠢᠨ ᠬᠠᠮᠢᠶᠠᠷᠤᠯᠲᠠ ᠶᠢᠨ ᠵᠥᠪᠯᠡᠯ ᠤᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠲᠣᠭᠲᠠᠬᠤ ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ 2020 ᠣᠨ ᠤ ᠭᠤᠤᠯᠳᠠᠯᠭ᠎ᠠ ᠲᠠᠢ ᠠᠵᠢᠯ ᠤᠨ ᠲᠥᠰᠦᠯ ︾ ᠢ ᠰᠤᠳᠤᠯᠤᠨ ᠶᠠᠷᠢᠯᠴᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᡁᠢ ᠴᠢᠶᠠᠩ 2019 ᠣᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠳᠤ ᠳ᠋ᠦᠩᠨᠡᠯᠲᠡ ᠬᠢᠵᠦ᠂ ᠲᠡᠷᠡᠴᠢᠯᠡᠨ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠤᠯᠤᠰ ᠤᠨ ᠤᠰᠤᠨ ᠤ ᠵᠠᠰᠠᠯᠲᠠ ᠶᠢᠨ ᠪᠠᠶᠢᠭᠤᠯᠤᠯ ᠪᠣᠯᠤᠨ ᠠᠮᠢ ᠠᠬᠤᠢ ᠣᠷᠴᠢᠨ ᠲᠣᠭᠤᠷᠢᠨ ᠤ ᠲᠦᠷᠢᠮ ᠤᠨ ᠴᠢᠬᠤᠯᠠ ᠶᠡᠭᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠪᠠ ᠠᠮᠢ ᠠᠬᠤᠶ ᠶᠢ ᠤᠷᠢᠳ ᠵᠶ᠋ᠠ᠊ ᠪᠤᠳᠤᠯᠬᠦᠯᠠᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃      ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠲᠦᠷᠦᠭᠦᠯᠡᠨ ᠶᠡᠷᠦᠩᠬᠡᠶ ᠲᠤᠰᠢᠶᠠᠯ ᠬᠠᠷᠢᠭᠤᠴᠠᠯᠭ᠎ᠠ ᠶᠢ ᠠᠳᠬᠤᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠦᠷᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ᠂ ᠢᠳᠡᠪᠬᠢᠲᠡᠶ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠯ᠎ᠡ ᠪᠠᠯᠭᠠᠰᠤ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠡᠭᠦᠷᠭᠡ ᠶᠢ ᠨᠠᠷᠢᠯᠢᠭ ᠨᠠᠶᠢᠳᠠᠪᠦᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠵᠥᠷᠢᠴᠡᠯ ᠢ ᠠᠳᠬᠤᠵᠤ᠂ ᠠᠰᠠᠭᠤᠳᠠᠯ ᠳᠤ ᠴᠢᠭᠯᠡᠭᠦᠯᠵᠦ᠂ ᠠᠰᠠᠭᠤᠳᠠᠯ ᠳᠤ ᠬᠠᠨᠳᠤᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠶᠢᠨ ᠱᠠᠭᠠᠷᠳᠠᠯᠭ᠎ᠠ ᠶᠣᠰᠣᠭᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠶ᠎ᠠ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠨᠢᠭᠡᠳᠦᠭᠡᠷ ᠬᠠᠷᠢᠭᠤᠴᠢᠯᠭ᠎ᠠ ᠶᠢ ᠨᠠᠶᠢᠳᠠᠪᠤᠷᠢᠵᠢᠭᠤᠯᠵᠤ᠂ ᠭᠤᠤᠯ ᠢ ᠴᠠᠭᠳᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠠᠶ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠬᠠᠮᠢᠶᠠᠷᠬᠤ᠂ ᠵᠠᠰᠠᠬᠤ᠂ ᠲᠣᠭᠤᠷᠢᠨ ᠪᠠᠶᠢᠴᠠᠭᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠭᠦᠷᠭᠡ ᠶᠢᠨ ᠨᠠᠶᠢᠳᠠᠪᠦᠷᠢᠵᠢᠭᠤᠯᠤᠯᠳᠠ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠨ᠎ᠠ᠃ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠥᠬᠦ ᠨᠡᠶᠢᠭᠡᠮ ᠢᠶᠠᠷ ᠢᠶᠠᠨ ᠭᠤᠤᠯ ᠮᠥᠷᠡᠨ ᠨᠠᠭᠤᠷ ᠴᠥᠭᠦᠷᠥᠮ ᠢ ᠬᠠᠯᠠᠮᠵᠢᠯᠠᠨ ᠬᠠᠶᠢᠷᠠᠯᠠᠬᠤ᠂ ᠭᠤᠤᠯ ᠮᠥᠷᠡᠨ ᠨᠠᠭᠤᠷ ᠴᠥᠭᠦᠷᠥᠮ ᠢ ᠨᠠᠨᠳᠢᠩᠨᠠᠬᠤ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1