ᠲᠤᠭᠳᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠪᠠᠨ ᠲᠠᠪᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠣᠯᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-05-30
      ᠰᠢᠨ᠎ᠡ ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠢᠭᠤᠴᠠ ᠶᠢ ᠬᠠᠮᠠᠭᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠨᠢᠭᠤᠴᠠ ᠶᠢ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ 5 ᠰᠠᠷ᠎ᠠ ᠶᠢᠨ 25 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠪᠠᠨ ᠲᠠᠪᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠣᠯᠢᠯᠴᠠᠭ᠎ᠠ ᠶᠢ ᠥᠷᠨᠢᠭᠦᠯᠪᠡ᠃      ᠬᠤᠷᠠᠯ ᠳᠡᠭᠡᠷ᠎ᠡ᠂ ᠯᠢ ᠴᠦᠨ ᠶᠠᠨ ᠵᠤᠷᠪᠤᠰ ᠳᠠᠷᠠᠭᠠᠯᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾ ᠢ ᠰᠤᠷᠤᠯᠴᠠᠭᠰᠠᠨ ᠪᠥᠭᠡᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠢᠭᠰᠠᠭᠠᠵᠤ᠂ ᠣᠳᠣᠬᠠᠨ ᠤ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠪᠠᠶᠢᠳᠠᠯ ᠢ ᠲᠣᠳᠣᠷᠬᠠᠶ ᠲᠠᠨᠢᠵᠤ᠂ ᠨᠢᠭᠤᠴᠠ ᠶᠢ ᠬᠠᠮᠠᠭᠠᠯᠠᠬᠤ ᠦᠵᠡᠯᠲᠡ ᠶᠢ ᠪᠣᠶ ᠪᠣᠯᠭᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠢ ᠰᠡᠷᠭᠡᠶᠢᠯᠡᠬᠦ ᠪᠠᠷ ᠭᠦᠨᠵᠡᠭᠡᠶ ᠰᠣᠯᠢᠯᠴᠠᠨ ᠰᠤᠷᠤᠯᠴᠠᠵᠤ᠂ ᠬᠤᠷᠠᠯ ᠳᠤ ᠣᠷᠣᠯᠴᠠᠭᠰᠠᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠪᠣᠯᠤᠨ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠤᠴᠠ ᠶᠢ ᠬᠠᠮᠠᠭᠠᠯᠠᠬᠤ ᠠᠵᠢᠯ ᠪᠣᠯ ᠨᠢᠭᠡ ᠵᠦᠢᠯ ᠤᠨ ᠲᠦᠢᠯ ᠤᠨ ᠴᠢᠬᠤᠯᠠ ᠠᠵᠢᠯ ᠮᠥᠨ᠂ ᠤᠯᠤᠰ ᠣᠷᠣᠨ ᠤ ᠠᠮᠤᠷ ᠲᠦᠪᠰᠢᠨ᠂ ᠣᠷᠣᠨ ᠨᠤᠲᠤᠭ ᠤᠨ ᠲᠣᠭᠲᠠᠭᠤᠨ ᠪᠠᠶᠢᠳᠠᠯ ᠪᠠ ᠬᠤᠪᠢ ᠬᠥᠮᠦᠨ ᠤ ᠬᠤᠪᠢ ᠵᠠᠶᠠᠭ᠎ᠠ ᠲᠠᠢ ᠬᠤᠯᠪᠣᠭᠳᠠᠬᠤ ᠪᠥᠭᠡᠳ ᠨᠢᠭᠤᠴᠠ ᠶᠢ ᠬᠠᠮᠠᠭᠠᠯᠠᠬᠤ ᠠᠵᠢᠯ ᠪᠣᠯ ᠪᠠᠰᠠ ᠴᠤ ᠨᠢᠭᠡ ᠵᠦᠢᠯ ᠤᠨ ᠰᠠᠭᠤᠷᠢ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ᠂ ᠤᠷᠳᠤ ᠬᠤᠭᠤᠴᠠᠭᠠᠨ ᠤ ᠴᠢᠨᠠᠷᠲᠠᠶ ᠠᠵᠢᠯ ᠮᠥᠨ᠃ ᠣᠳᠣᠬᠠᠨ ᠳᠤ᠂ ᠨᠢᠭᠤᠴᠠ ᠶᠢ ᠬᠠᠮᠠᠭᠠᠯᠠᠬᠤ ᠠᠵᠢᠯ ᠳᠤ ᠡᠭᠦᠷᠭᠡ ᠤᠯᠠᠮ ᠠᠴᠠ ᠤᠯᠠᠮ ᠠᠷᠪᠢᠨ ᠪᠣᠯᠵᠤ᠂ ᠪᠠᠷᠢᠮᠵᠢᠶ᠎ᠠ ᠨᠢ ᠤᠯᠠᠮ ᠠᠴᠠ ᠤᠯᠠᠮ ᠥᠨᠳᠥᠷ ᠪᠣᠯᠵᠤ᠂ ᠱᠠᠭᠠᠷᠳᠠᠯᠭ᠎ᠠ ᠨᠢ ᠤᠯᠠᠮ ᠠᠴᠠ ᠤᠯᠠᠮ ᠴᠢᠩᠭ᠎ᠠ ᠪᠣᠯᠵᠤ ᠪᠠᠶᠢᠭ᠎ᠠ ᠬᠦᠨᠳᠦ ᠬᠡᠴᠡᠭᠦᠤ ᠪᠠᠶᠢᠳᠠᠯ ᠳᠤ ᠲᠤᠯᠭᠠᠷᠠᠵᠤ᠂ ᠠᠭᠤᠰᠬᠢᠨ ᠦᠷᠪᠢᠰᠦᠯ ᠤᠨ ᠬᠢᠵᠢᠭ ᠳᠠᠬᠢᠨ ᠭᠠᠷᠴᠤ ᠪᠠᠶᠢᠨ᠎ᠠ᠃ ᠨᠢᠭᠤᠴᠠ ᠶᠢ ᠬᠠᠮᠠᠭᠠᠯᠠᠬᠤ ᠠᠵᠢᠯ ᠢ ᠴᠢᠩᠭᠠᠳᠬᠠᠬᠤ ᠠᠴᠠ ᠪᠢᠰᠢ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠪᠣᠯᠤᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠣᠳᠣᠬᠠᠨ ᠤ ᠨᠢᠭᠤᠴᠠ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠢ ᠭᠦᠢᠴᠡᠳ ᠲᠠᠨᠢᠵᠠᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ᠂  ᠬᠦᠬᠡᠬᠤᠳᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠨᠢᠭᠤᠴᠠ ᠶᠢ ᠬᠠᠮᠠᠭᠠᠯᠠᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠦᠨᠡᠨᠬᠦ ᠣᠷᠣᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ᠂ ᠲᠦᠷᠢᠮ ᠤᠨ ᠪᠠᠳᠤᠯᠭ᠎ᠠ ᠶᠢ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠦᠬᠦ ᠰᠢᠶᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠳᠤᠲᠠᠭᠤᠳᠠᠯ ᠪᠠ ᠪᠠᠭᠤᠷᠠᠶ ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠦ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ︾ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠵᠦ᠂ ᠨᠠᠮ ᠤᠨ ᠭᠡᠰᠢᠭᠦᠨ ᠤᠳᠤᠷᠢᠳᠬᠤ ᠺᠠᠳᠠᠷ ᠤᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠴᠢᠬᠤᠯᠠ ᠶᠡᠭᠡ ᠪᠠᠴᠢᠮ ᠤᠴᠢᠷ ᠶᠠᠪᠤᠳᠠᠯ ᠢ ᠴᠠᠭ ᠲᠤᠬᠠᠶ ᠳᠤᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠᠬᠢ ᠰᠡᠷᠭᠡᠭ ᠮᠡᠳᠡᠭᠡ ᠵᠠᠩᠭᠢ᠂  ᠲᠤᠳᠤᠭᠠᠳᠦ ᠶᠢᠨ ᠵᠦᠢᠯᠡᠰ ᠪᠠ ᠰᠢᠨ᠎ᠡ ᠲᠢᠲᠢᠮ ᠠᠭᠤᠰᠬᠢᠨ ᠦᠷᠪᠢᠰᠦᠯ ᠲᠠᠢ ᠡᠪᠡᠳᠴᠢᠲᠡᠨ᠂ ᠰᠡᠵᠢᠭ ᠲᠠᠢ ᠡᠪᠡᠳᠴᠢᠲᠡᠨ᠂ ᠨᠢᠭᠲᠠ ᠣᠢᠷᠠᠲᠤᠭᠴᠢ ᠶᠢᠨ ᠬᠤᠪᠢ ᠬᠥᠮᠦᠨ ᠤ ᠨᠢᠭᠤᠴᠠ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠵᠢᠯ ᠢ ᠡᠷᠡᠰ ᠰᠠᠶᠢᠲᠤᠷ ᠬᠢᠵᠦ᠂ ᠨᠠᠷᠢᠨ ᠲᠠᠯ᠎ᠠ ᠠᠴᠠ ᠪᠣᠳᠣᠯᠬᠢᠯᠠᠵᠤ᠂ ᠨᠠᠷᠢᠨ ᠲᠠᠯ᠎ᠠ ᠠᠴᠠ ᠡᠭᠦᠰᠴᠦ᠂ ᠨᠢᠭᠤᠴᠠ ᠶᠢ ᠵᠠᠳᠠᠷᠠᠭᠤᠯᠬᠤ ᠳᠠᠯᠳᠠ ᠭᠡᠮ ᠢ ᠡᠷᠡᠰ ᠬᠤᠷᠢᠭᠯᠠᠵᠤ᠂ ᠨᠢᠭᠤᠴᠠ ᠶᠢ ᠬᠠᠮᠠᠭᠠᠯᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠨ᠎ᠡ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠦᠮᠦᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠢ ᠺᠠᠳ᠋ᠷ ᠠᠵᠢᠯᠲᠠᠨ ᠠᠵᠢᠯᠴᠢᠨ ᠤ ᠦᠢᠯᠡ ᠠᠵᠢᠯᠯᠠᠭ᠎ᠠ ᠶᠢᠨ ᠬᠤᠷᠢᠭ᠎ᠠ ᠱᠤᠭᠤᠮ ᠪᠠ ᠵᠠᠩᠰᠢᠯ ᠤᠨ ᠤᠬᠠᠮᠰᠠᠷ ᠪᠣᠯᠭᠠᠬᠤ ᠬᠡᠷᠡᠭᠲᠡᠢ︔ ︽ᠬᠡᠨ ᠡᠷᠬᠢᠯᠡᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠺᠣᠮᠫᠢᠦ᠋ᠲ᠋ᠧᠷ ᠤᠨ ᠲᠣᠤᠷ ᠰᠦᠯᠵᠢᠶ᠎ᠡ ᠶᠢᠨ ᠬᠠᠮᠢᠶᠠᠷᠤᠯᠲᠠ᠂ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠬᠠᠮᠢᠶᠠᠷᠤᠯᠲᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠩᠭᠤᠵᠢᠭᠰᠠᠨ ᠠᠵᠢᠯ ᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠲᠡᠶ᠃ ᠨᠢᠭᠤᠴᠠ ᠶᠢ ᠬᠠᠮᠠᠭᠠᠯᠠᠬᠤ ᠠᠵᠢᠯ ᠤᠨ ᠳᠤᠲᠠᠭᠳᠠᠯ ᠢ ᠪᠥᠭᠯᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠠᠮᠢᠶᠠᠷᠴᠤ ᠴᠢᠳᠠᠬᠤ ᠮᠥᠷᠲᠡᠭᠡᠨ ᠲᠤᠬᠠᠶᠢᠯᠠᠭᠰᠠᠨ ᠠᠵᠢᠯ ᠤᠨ ᠳᠤᠮᠳᠠᠬᠢ ᠨᠢᠭᠤᠴᠠ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠴᠢᠳᠠᠬᠤ ᠶᠢ ᠦᠨᠡᠨᠬᠦ ᠪᠠᠲᠤᠯᠠᠵᠤ᠂ ᠲᠤᠬᠠᠶᠢᠯᠠᠭᠰᠠᠨ ᠠᠵᠢᠯ ᠪᠠ ᠨᠢᠭᠤᠴᠠ ᠶᠢ ᠬᠠᠮᠠᠭᠠᠯᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠪᠦᠬᠦ ᠰᠢᠶᠠᠨ ᠤ ᠨᠢᠭᠤᠴᠠ ᠶᠢ ᠬᠠᠮᠠᠭᠠᠯᠠᠬᠤ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ ᠦᠭᠭᠦᠨ᠎ᠡ᠃      ᠲᠢᠶᠠᠨ ᠯᠢ ᠵᠢᠶᠦ᠋ᠨ᠂ ᠵᠤᠤ ᠯᠢ ᠮᠢᠨ᠂ ᠯᠢᠦ ᡁᠢ ᠴᠢᠶᠠᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠠᠵᠤ  ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠵᠠᠶ︔ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ ᠤᠨ ᠭᠤᠣᠯ ᠤᠳᠤᠷᠢᠳᠤᠯᠭ᠎ᠠ᠂ ᠵᠠᠰᠠᠭ ᠤᠨ ᠣᠷᠳᠣᠨ ᠤ ᠡᠯ᠎ᠡ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1