4 ᠰᠠᠷ᠎ᠠ ᠶᠢᠨ 30 ᠤ ᠡᠳᠦᠷ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠲᠤᠭᠤᠶᠢᠯᠠᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ | ᠪᠠᠶᠢᠴᠠᠭᠠᠯᠲᠠ ᠶᠢᠨ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠰᠢᠶᠠᠨ ᠤ | ᠳᠠᠷᠤᠭ᠎ᠠ ᠯᠢ ᠴᠦᠨ ᠶᠠᠨ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠰᠢᠶᠠᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ | ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠰᠢᠶᠠᠨ ᠤ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ | ᠲᠣᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠠᠵᠢᠯ ᠤᠨ ᠲᠤᠰᠬᠠᠢ ᠰᠡᠳᠤᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ ᠪᠣᠯᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠡᠮᠦᠨ᠎ᠡ ᠨᠢᠭᠡ ᠱᠠᠲᠤᠨ ᠳᠤ ᠶᠡᠭᠡ ᠬᠡᠮᠵᠢᠶᠡᠨ ᠤ ᠪᠡᠯᠡᠳᠬᠡᠯ ᠠᠵᠢᠯ ᠬᠢᠵᠡᠢ᠃ ᠁ | | ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ | ᠥᠭᠦᠯᠡᠯᠲᠡ ᠪᠠ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠪᠠᠶᠢᠷᠢᠯᠠᠭᠤᠯᠤᠯᠳᠠ ᠵᠢᠴᠢ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠣᠷᠣᠨ ᠤ | ᠶᠠᠳᠠᠭᠤ ᠠᠴᠠ ᠠᠩᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠠᠵᠢᠯᠯᠠᠭ᠎ᠠ ᠦᠷᠨᠢᠭᠦᠯᠦᠭᠰᠡᠨ ᠲᠤᠬᠠᠢ ᠬᠠᠷᠢᠭᠤ ᠲᠤᠰᠬᠠᠭᠰᠠᠨ ᠰᠠᠨᠠᠯ᠂ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠠᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠳᠤᠷᠠᠳᠤᠭᠰᠠᠨ | ᠰᠠᠨᠠᠯ ᠰᠠᠨᠠᠭᠤᠯᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ ᠶᠢᠰᠦᠳᠦᠭᠡᠷ ᠬᠢᠨᠠᠯᠲᠠ ᠲᠠᠯᠪᠢᠬᠤ ᠪᠠᠶᠢᠴᠠᠭᠠᠬᠤ ᠲᠠᠰᠤᠭ ᠲᠤ ᠲᠤᠬᠠᠢ ᠶᠢᠨ ᠭᠠᠵᠠᠷ ᠲᠤᠨᠢ ᠬᠦᠷᠴᠦ | ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠬᠠᠷᠢᠭᠤ ᠲᠤᠰᠬᠠᠭᠰᠠᠨ ᠰᠠᠨᠠᠯ ᠵᠡᠷᠭᠡ ᠠᠭᠤᠯᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠪᠠ᠃ | ᠬᠤᠶᠠᠷ ᠲᠤ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠ ᠨᠠᠮ ᠤᠨ | ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠡᠷ ᠲᠤᠰ ᠲᠤᠰ ᠰᠠᠨᠠᠯ ᠬᠤᠷᠢᠶᠠᠬᠤ ᠬᠦᠰᠦᠨᠦᠭᠲᠦ ᠲᠠᠷᠬᠠᠭᠠᠬᠤ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ | ᠲᠠᠯ᠎ᠠ ᠶᠢᠨ ᠬᠢᠨ ᠤ ᠰᠠᠨᠠᠯ ᠵᠦᠪᠯᠡᠯᠭᠡ ᠶᠢ ᠥᠷᠭᠡᠨ ᠢᠶᠠᠷ ᠬᠤᠷᠢᠶᠠᠪᠠ᠃ | ᠭᠤᠷᠪᠠ ᠳᠤ᠂ ᠭᠦᠨᠵᠡᠭᠡᠶ ᠵᠠᠳᠠᠯᠤᠨ ᠰᠢᠨᠵᠢᠯᠡᠬᠦ᠂ ᠲᠠᠬᠢᠨ ᠳᠠᠪᠲᠠᠨ ᠵᠠᠰᠠᠪᠤᠷᠢ ᠣᠷᠣᠭᠤᠯᠬᠤ᠂ ᠪᠣᠭᠤᠮᠲᠠ ᠶᠢ | ᠴᠢᠩᠭ᠎ᠠ ᠡᠵᠡᠮᠳᠡᠬᠦ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠬᠠᠷᠢᠭᠤᠴᠠᠭᠤᠯᠤᠨ ᠪᠠᠶᠢᠴᠠᠭᠠᠭᠰᠠᠨ ᠮᠠᠲ᠋ᠧᠷᠢᠶᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠪᠢ | ᠬᠥᠮᠦᠨ ᠤ ᠶᠠᠷᠢᠶᠠᠨ ᠤ ᠲᠣᠪᠴᠢ ᠶᠢ ᠬᠢᠨᠠᠮᠠᠭᠠᠶ ᠲᠤᠭᠤᠷᠪᠢᠨ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ | ᠬᠤᠷᠠᠯ ᠠᠴᠠ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ | ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠳᠡᠭᠡᠷ᠎ᠡ᠂ ᠯᠢ ᠴᠦᠨ ᠶᠠᠨ ᠡᠩ ᠲᠡᠷᠢᠭᠦᠨ ᠳᠤ | ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠡᠮᠦᠨ᠎ᠡ ᠠᠴᠠ ᠪᠠᠶᠢᠴᠠᠭᠠᠨ | ᠵᠠᠳᠠᠯᠤᠯᠲᠠ ᠬᠢᠪᠡ᠃ ᠲᠠᠷᠠᠭ᠎ᠠ ᠨᠢ᠂ ᠵᠠᠰᠠᠭ ᠤᠨ ᠣᠷᠳᠣᠨ ᠤ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠨᠢᠭᠡᠳ ᠨᠢᠭᠡ ᠪᠠᠷ ᠬᠤᠪᠢ ᠬᠥᠮᠦᠨ ᠤ ᠪᠠᠶᠢᠴᠠᠭᠠᠨ ᠰᠢᠨᠵᠢᠵᠦ ᠵᠠᠳᠠᠯᠤᠯᠲᠠ ᠬᠢᠵᠦ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠪᠡ᠃ ᠣᠯᠠᠨ ᠢᠶᠠᠷ ᠢᠶᠠᠨ ᠰᠢᠭᠤᠳ ᠭᠤᠣᠯ ᠰᠡᠳᠦᠪ ᠲᠡᠭᠡᠨ | ᠣᠷᠣᠵᠤ᠂ ᠠᠰᠠᠭᠤᠳᠠᠯ ᠢ ᠪᠤᠰᠤᠳᠴᠢ ᠪᠠᠷ ᠪᠣᠳᠠᠲᠠᠢ ᠪᠠᠷ ᠲᠡᠯᠭᠡᠵᠦ᠂ ᠤᠴᠢᠷ ᠰᠢᠯᠲᠠᠭᠠᠨ ᠢ ᠨᠢ ᠭᠦᠨᠵᠡᠭᠡᠢ | ᠨᠡᠪᠲᠡᠷᠡᠲᠡᠯ᠎ᠡ ᠡᠷᠢᠵᠦ᠂ ᠲᠥᠪ ᠴᠢᠩᠭ᠎ᠠ ᠨᠠᠷᠢᠨ ᠬᠢᠨᠠᠮᠠᠭᠠᠢ ᠪᠠᠷ ᠰᠠᠨᠠᠯ ᠳᠤᠷᠠᠳᠴᠤ᠂ ᠦᠨᠡᠨ ᠦᠭᠡ ᠬᠡᠯᠡᠵᠦ᠂ | ᠦᠨᠡᠨ ᠰᠡᠳᠬᠢᠯ ᠢ ᠬᠥᠳᠡᠯᠭᠡᠵᠦ᠂ ᠬᠠᠷᠢᠯᠴᠠᠨ ᠬᠥᠮᠦᠵᠢᠭᠦᠯᠵᠦ᠂ ᠬᠠᠷᠢᠯᠴᠠᠨ ᠰᠡᠷᠭᠦᠭᠡᠬᠦ ᠦᠷ᠎ᠡ ᠪᠦᠲᠦᠮᠵᠢ ᠶᠢ | ᠣᠯᠵᠤ᠂ ︽ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ︾ ᠵᠣᠷᠢᠯᠭ᠎ᠠ ᠳᠠᠭᠠᠨ ᠭᠦᠷᠭᠡᠪᠡ᠃ | ᠯᠢ ᠴᠦᠨ ᠶᠠᠨ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠢᠶᠠᠷ ᠰᠢᠨ᠎ᠡ ᠭᠠᠷᠤᠴᠠ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠴᠢᠬᠤᠯᠠ ᠶᠡᠭᠡ | ᠬᠠᠷᠢᠭᠤᠴᠠᠯᠭ᠎ᠠ ᠶᠢ ᠡᠭᠦᠷᠭᠡᠯᠡᠵᠦ᠂ | ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠦᠷᠢᠵᠢᠭᠤᠯᠵᠦ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠯᠭᠠᠨ ᠰᠠᠶᠢᠲᠤᠷ ᠠᠳᠬᠤᠵᠤ᠂ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠢᠵᠢᠭ ᠤᠨ ᠪᠠᠶᠢᠳᠠᠯ ᠢ | ᠪᠦᠬᠦ ᠬᠦᠴᠦᠨ ᠢᠶᠠᠷ ᠰᠠᠶᠢᠲᠤᠷ ᠬᠠᠷᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠭᠰᠠᠨ ᠰᠠᠭᠤᠷᠢᠨ ᠳᠡᠭᠡᠷ᠎ᠡ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ | ᠨᠠᠩ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠠᠬᠤ ᠳᠠᠶᠢᠯᠠᠯᠳᠤᠭᠠᠨ ᠢ ᠲᠣᠭᠲᠠᠭᠰᠠᠨ ᠬᠤᠭᠤᠴᠠᠭᠠᠨ ᠳᠠᠭᠠᠨ ᠰᠠᠶᠢᠲᠤᠷ ᠬᠢᠵᠦ | ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠳᠤ ᠢᠯᠠᠯᠲᠠ ᠶᠢ ᠣᠯᠵᠤ᠂ ᠰᠢᠨ᠎ᠡ | ᠴᠠᠭ ᠦᠶ᠎ᠡ ᠶᠢᠨ ᠲᠣᠭᠲᠠᠬᠤ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠶ ᠭᠡᠵᠦ ᠱᠠᠭᠠᠷᠳᠠᠪᠠ᠃ |