5 ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠣᠯᠤᠨ ᠲᠣᠭᠲᠠᠬᠤ | ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠠᠮᠲᠤᠪᠠᠷ ᠪᠡᠯᠡᠳᠬᠡᠨ ᠪᠠᠶᠢᠭᠤᠯᠤᠭᠰᠠᠨ ᠲᠣᠭᠲᠠᠬᠤ ᠰᠢᠶᠠᠨ ᠤ ︽ | ᠬᠥᠳᠡᠯᠮᠦᠷᠢ ᠶᠢᠨ ᠴᠡᠴᠡᠷᠯᠢᠭ︾᠂ ︽ᠬᠥᠳᠡᠯᠮᠦᠷᠢ ᠶᠢᠨ ᠵᠢᠱᠢᠶᠡᠴᠢ ᠶᠢᠨ ᠤᠢ︾ ᠵᠢᠩᠬᠢᠨᠢ ᠪᠠᠷ ᠫᠠᠶᠢᠰᠠ ᠰᠡᠬᠦᠪᠡ᠃ | ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ | ᠲᠡᠷᠢᠭᠦᠯᠡᠭᠴᠢ ᠸᠠᠩ ᠵᠢᠶᠦ᠋ᠨ ᠲᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ | ᠴᠦᠨ ᠶᠠᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠴᠡᠴᠡᠭ | ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠳᠤᠮᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ ︽ | ᠬᠥᠳᠡᠯᠮᠦᠷᠢ ᠶᠢᠨ ᠴᠡᠴᠡᠷᠯᠢᠭ︾᠂ ︽ᠬᠥᠳᠡᠯᠮᠦᠷᠢ ᠶᠢᠨ ᠵᠢᠱᠢᠶᠡᠴᠢ ᠶᠢᠨ ᠤᠢ︾ ᠶᠢᠨ ᠦᠨᠳᠦᠰᠦᠨ ᠪᠠᠶᠢᠳᠠᠯ ᠢ | ᠲᠣᠪᠴᠢ ᠲᠠᠨᠢᠯᠴᠠᠭᠤᠯᠪᠠ᠃ | ᠯᠢ ᠴᠦᠨ ᠶᠠᠨ ᠠᠵᠢᠯᠯᠠᠭᠠᠨ ᠤ ᠳᠤᠮᠳᠠ ᠪᠠᠨ ᠲᠣᠭᠲᠠᠬᠤ ᠰᠢᠶᠠᠨ ᠤ ︽ᠬᠥᠳᠡᠯᠮᠦᠷᠢ ᠶᠢᠨ ᠴᠡᠴᠡᠷᠯᠢᠭ︾᠂ ︽ | ᠬᠥᠳᠡᠯᠮᠦᠷᠢ ᠶᠢᠨ ᠵᠢᠱᠢᠶᠡᠴᠢ ᠶᠢᠨ ᠣᠶ︾ ᠵᠢᠩᠬᠢᠨᠢ ᠪᠠᠷ ᠫᠠᠶᠢᠰᠠ ᠰᠡᠬᠦᠭᠰᠡᠨ ᠳᠤ ᠪᠠᠶᠠᠷ ᠬᠦᠷᠭᠡᠭᠰᠡᠨ ᠪᠥᠭᠡᠳ ᠪᠥᠬᠦ | ᠰᠢᠶᠠᠨ ᠤ ᠥᠷᠭᠡᠨ ᠣᠯᠠᠨ ᠬᠥᠳᠡᠯᠮᠦᠷᠢ ᠶᠢᠨ ᠵᠢᠱᠢᠶᠡᠴᠢ ᠪᠣᠯᠤᠨ ᠬᠥᠳᠡᠯᠮᠦᠷᠢᠴᠢᠨ ᠲᠦᠮᠡᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤᠮᠳᠠ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ | ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠤᠬᠠᠭᠤᠯᠵᠤ᠂ ᠪᠥᠬᠦ ᠰᠢᠶᠠᠨ ᠤ | ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ | ᠢᠳᠡᠪᠬᠢᠲᠡᠶ ᠣᠷᠣᠯᠴᠠᠬᠤ ᠶᠢ ᠴᠢᠷᠮᠠᠶᠢᠨ ᠳᠠᠶᠢᠴᠢᠯᠠᠬᠤ ᠬᠡᠷᠡᠭᠲᠡᠶ᠃ ᠨᠡᠶᠢᠭᠡᠮ ᠳᠠᠶᠠᠭᠠᠷ ᠲᠤ ᠰᠢᠨ᠎ᠡ ᠴᠠᠭ ᠦᠶ᠎ᠡ ᠶᠢᠨ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠬᠥᠳᠡᠯᠮᠦᠷᠢ ᠶᠢᠨ | ᠵᠢᠱᠢᠶᠡᠴᠢ ᠶᠢᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠤᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ | ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠢ ᠬᠥᠲᠥᠯᠥᠨ ᠵᠢᠯᠣᠭᠤᠳᠬᠤ ᠪᠠ ᠳᠠᠭᠠᠭᠤᠯᠵᠤ ᠪᠠᠶᠢᠭᠠᠳ ᠲᠤᠰ | ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠲᠡᠷᠢᠭᠦᠨ ᠤ ᠬᠢ ᠶᠢ | ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠲᠣᠭᠲᠠᠬᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ᠃ | ᠣᠶᠢᠯᠠᠭᠠᠭᠰᠠᠨ ᠢᠶᠠᠷ᠂ ᠬᠤᠲᠠ ᠰᠢᠶᠠᠨ ᠬᠤᠶᠠᠷ ᠱᠠᠲᠤᠨ ᠤ ᠠᠵᠢᠯᠴᠢᠨ ᠤ ᠶᠡᠷᠦᠩᠬᠡᠶ ᠡᠪᠯᠡᠯ ︽ | ᠬᠥᠳᠡᠯᠮᠦᠷᠢ ᠶᠢᠨ ᠴᠡᠴᠡᠷᠯᠢᠭ︾᠂ ︽ᠬᠥᠳᠡᠯᠮᠦᠷᠢ ᠶᠢᠨ ᠵᠢᠱᠢᠶᠡᠴᠢ ᠶᠢᠨ ᠣᠶ︾ ᠶᠢ ᠪᠡᠯᠡᠳᠬᠡᠨ ᠪᠠᠶᠢᠭᠤᠯᠬᠤ | ᠵᠣᠷᠢᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠳᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠮᠣᠳᠣ ᠳᠠᠷᠢᠵᠤ | ᠣᠶᠢᠵᠢᠭᠤᠯᠬᠤ ᠠᠵᠢᠯᠯᠠᠭ᠎ᠠ ᠳᠤᠮᠳᠠᠬᠢ ᠬᠥᠳᠡᠯᠮᠦᠷᠢ ᠶᠢᠨ ᠵᠢᠱᠢᠶᠡᠴᠢ ᠶᠢᠨ ᠬᠥᠲᠥᠯᠦᠨ ᠳᠠᠭᠠᠭᠤᠯᠵᠤ ᠵᠢᠱᠢᠶ᠎ᠡ | ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠪᠠ | ᠬᠥᠳᠡᠯᠮᠦᠷᠢ ᠶᠢᠨ ᠵᠣᠷᠢᠭ ᠰᠠᠨᠠᠭ᠎ᠠ ᠪᠠᠷ ᠥᠷᠭᠡᠨ ᠣᠯᠠᠨ ᠠᠵᠢᠯᠲᠠᠨ ᠠᠵᠢᠯᠴᠢᠨ ᠢ ᠳᠠᠭᠠᠭᠤᠯᠤᠨ ᠲᠤᠭᠳᠠᠬᠤ | ᠰᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠭᠤᠯᠬᠤ ᠶᠢᠨ ᠲᠥᠯᠥᠭᠡ ᠶᠤᠮ᠃ | ᠪᠠᠶᠢᠭᠤᠯᠤᠭᠰᠠᠨ ᠤ ᠳᠠᠷᠠᠭᠠᠬᠢ ︽ᠬᠥᠳᠡᠯᠮᠦᠷᠢ ᠶᠢᠨ ᠴᠡᠴᠡᠷᠯᠢᠭ︾᠂ ︽ᠬᠥᠳᠡᠯᠮᠦᠷᠢ ᠶᠢᠨ ᠵᠢᠱᠢᠶᠡᠴᠢ ᠶᠢᠨ | ᠣᠢ︾ ᠨᠢ ᠵᠢᠯ ᠪᠦᠷᠢ ᠬᠥᠳᠡᠯᠮᠦᠷᠢ ᠶᠢᠨ ᠵᠢᠱᠢᠶᠡᠴᠢ ᠶᠢ ᠵᠣᠬᠢᠶᠠᠨ ᠪᠠᠶᠢᠭᠤᠯᠤᠨ ᠮᠣᠳᠣ ᠲᠠᠷᠢᠬᠤ ᠠᠵᠢᠯᠯᠠᠭ᠎ᠠ | ᠦᠷᠨᠢᠭᠦᠯᠬᠦ ᠶᠢᠨ ᠬᠠᠮᠲᠤ ᠰᠢᠶᠠᠨ ᠤ ᠳᠣᠲᠣᠷᠠᠬᠢ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ | ᠠᠵᠢᠯᠲᠠᠨ᠂ ᠲᠡᠷᠢᠭᠦᠨ ᠤ ᠡᠭᠡᠯᠵᠢ ᠳᠤᠭᠤᠶᠢᠯᠠᠩ ᠪᠠ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠲᠠᠨᠢᠵᠤ | ᠠᠪᠤᠭᠤᠯᠬᠤ ᠪᠠᠷ ᠤᠷᠢᠶᠠᠯᠠᠬᠤ ᠪᠣᠯᠤᠨ᠎ᠠ᠃ ᠶᠢᠨ ᠾᠧ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠵᠡᠷᠭᠡ 29 ᠨᠢᠭᠡᠴᠡ᠂ 34 ᠡᠯ᠎ᠡ ᠱᠠᠲᠤᠨ ᠤ ᠬᠥᠳᠡᠯᠮᠦᠷᠢ ᠶᠢᠨ | ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠨᠢᠭᠡᠨᠲᠡ ᠲᠠᠨᠢᠵᠤ ᠠᠪᠴᠤ᠂ ᠲᠠᠨᠢᠵᠤ ᠠᠪᠤᠭᠰᠠᠨ ᠤ ᠳᠠᠷᠠᠭ᠎ᠠ | ᠬᠤᠯᠪᠣᠭᠳᠠᠯ ᠪᠥᠬᠦᠶ ᠨᠢᠭᠡᠴᠡ ᠪᠣᠯᠤᠨ ᠬᠤᠪᠢ ᠬᠥᠮᠦᠨ ᠥᠪᠡᠷ ᠤᠨ ᠲᠠᠨᠢᠵᠤ ᠠᠪᠤᠭᠰᠠᠨ ᠵᠢᠮᠢᠰ ᠤᠨ ᠮᠣᠳᠣ ᠪᠠᠨ | ᠤᠰᠤᠯᠠᠵᠤ᠂ ᠡᠪᠡᠰᠦ ᠠᠷᠢᠯᠭᠠᠵᠤ᠂ ᠵᠠᠰᠠᠵᠤ ᠬᠠᠶᠢᠴᠢᠯᠠᠪᠠ᠃ ᠣᠳᠣᠬᠠᠨ ᠳᠤ᠂ ︽ᠬᠥᠳᠡᠯᠮᠦᠷᠢ ᠶᠢᠨ ᠴᠡᠴᠡᠷᠯᠢᠭ︾ | ᠪᠠ ︽ᠬᠥᠳᠡᠯᠮᠦᠷᠢ ᠶᠢᠨ ᠵᠢᠱᠢᠶᠡᠴᠢ ᠶᠢᠨ ᠣᠶ︾ ᠳᠠᠷᠢᠬᠤ ᠲᠠᠯᠠᠪᠠᠢ ᠨᠢ 95% ᠪᠠᠶᠢᠵᠤ᠂ 123 ᠠᠯᠮᠤᠷᠠᠳ | ᠮᠤᠳᠤ᠂ ᠬᠤᠸᠠᠩ ᠲᠠᠶᠢᠫᠢᠩ᠂ ᠬᠠᠶ ᠬᠤᠩ ᠭᠦᠸᠧ᠂ ᠬᠥᠬᠡ ᠬᠠᠯᠢᠰᠤᠲᠤ ᠭᠦᠢᠯᠡᠰᠦ ᠵᠡᠷᠭᠡ ᠵᠢᠮᠢᠰ ᠤᠨ ᠮᠣᠳᠣ ᠪᠠ | ᠤᠯᠢᠶᠠᠰᠤᠨ ᠮᠣᠳᠣ᠂ ᠤᠳᠠ ᠮᠣᠳᠣ᠂ ᠨᠠᠷᠠᠰᠤᠨ ᠮᠣᠳᠣ ᠵᠡᠷᠭᠡ ᠵᠠᠮ ᠤᠨ ᠮᠣᠳᠣ᠂ ᠡᠯ᠎ᠡ ᠵᠦᠢᠯ ᠤᠨ ᠮᠣᠳᠣᠨ ᠤ | ᠲᠥᠷᠥᠯ ᠢ ᠨᠢᠭᠡᠨᠲᠡ 2 ᠵᠢᠯ ᠳᠠᠷᠢᠵᠤ᠂ ᠬᠡᠰᠡᠭ ᠵᠢᠮᠢᠰ ᠤᠨ ᠮᠣᠳᠣ ᠨᠢᠭᠡᠨᠲᠡ ᠵᠢᠮᠢᠰ ᠡᠯᠭᠦᠭᠰᠡᠨ ᠪᠠᠶᠢᠨ᠎ᠠ᠃ |