ᠲᠤᠭᠳᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠨ᠎ᠡ ᠶᠢᠩᠽᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠡᠮᠴᠢᠯᠡᠭᠡᠨ ᠤ ᠲᠥᠬᠦᠭᠡᠷᠦᠮᠵᠢ ᠶᠢ ᠲᠤᠬᠢᠷᠠᠭᠤᠯᠤᠨ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-11
      6 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ  ᠰᠢᠨ᠎ᠡ ᠶᠢᠩᠽᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠡᠮᠴᠢᠯᠡᠭᠡᠨ ᠤ ᠲᠥᠬᠦᠭᠡᠷᠦᠮᠵᠢ ᠶᠢ ᠳᠣᠭᠢᠷᠠᠭᠤᠯᠤᠨ ᠬᠡᠷᠡᠭᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠤᠳᠤᠷᠢᠳᠤᠯᠭ᠎ᠠ ᠶᠦᠨ ᠬᠠᠶ ᠯᠦᠩ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠴᠦᠨ ᠶᠠᠨ ᠨᠠᠷ ᠰᠢᠨ᠎ᠡ ᠶᠢᠩᠽᠢ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ᠂ ᠡᠷᠡᠭᠦᠯ ᠬᠠᠮᠠᠭᠠᠯᠠᠯ ᠤᠨ ᠬᠤᠷᠢᠶᠠᠨ ᠤ ᠲᠣᠭᠠᠴᠢᠯᠠᠭᠰᠠᠨ ᠡᠮᠴᠢᠯᠡᠭᠡᠨ ᠳᠤ ᠬᠡᠷᠡᠭᠯᠡᠬᠦ X ᠰᠠᠴᠤᠷᠠᠭ ᠤᠨ ᠰᠢᠰᠲ᠋ᠧᠮ᠂ ᠥᠩᠭᠡᠲᠦ ᠳ᠋ᠤᠫᠯᠤᠷ ᠬᠡᠲᠦ ᠳᠠᠭᠤᠨ᠂ ᠪᠦᠷᠢᠨ ᠠᠦ᠋ᠲ᠋ᠣᠴᠢᠯᠠᠭᠰᠠᠨ ᠠᠮᠢᠳᠤ ᠪᠣᠳᠠᠰ ᠤᠨ ᠬᠢᠮᠢ ᠶᠢᠨ ᠵᠠᠳᠠᠯᠤᠯᠲᠠ ᠶᠢᠨ ᠮᠠᠰᠢᠨ᠂ ᠪᠦᠷᠢᠨ ᠠᠦ᠋ᠲ᠋ᠣᠴᠢᠯᠠᠭᠰᠠᠨ ᠴᠢᠰᠤᠨ ᠤ ᠡᠰ ᠤᠨ ᠵᠠᠳᠠᠯᠤᠯᠲᠠ ᠶᠢᠨ ᠮᠠᠰᠢᠨ᠂ ᠰᠢᠭᠡᠰᠦᠨ ᠤ ᠵᠠᠳᠠᠯᠤᠯᠳᠠ ᠪᠠ ᠠᠷᠪᠠᠨ ᠬᠤᠶᠠᠷ ᠳᠠᠮᠵᠢᠭᠤᠯᠤᠭᠴᠢ ᠶᠢᠨ ᠵᠢᠷᠦᠬᠡᠨ ᠤ ᠴᠠᠬᠢᠯᠭᠠᠨ ᠵᠢᠷᠤᠭ ᠤᠨ ᠮᠠᠰᠢᠨ ᠵᠡᠷᠭᠡ ︽ᠲᠣᠮᠣ ᠭᠤᠷᠪᠠ ᠵᠢᠵᠢᠭ ᠭᠤᠷᠪᠠ︾ ᠲᠥᠬᠦᠭᠡᠷᠦᠮᠵᠢ ᠤᠭᠰᠠᠷᠠᠭᠰᠠᠨ ᠪᠠ ᠬᠡᠷᠡᠭᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃      ᠣᠶᠢᠯᠠᠭᠠᠭᠰᠠᠨ ᠢᠶᠠᠷ᠂ 2019 ᠣᠨ ᠠᠴᠠ ᠡᠬᠢᠯᠡᠨ᠂ ᠲᠤᠭᠳᠠᠬᠤ ᠰᠢᠶᠠᠨ ᠤ ᠪᠡᠯᠡ ᠣᠷᠣᠭᠤᠯᠤᠯᠲᠠ 1500 ᠭᠠᠷᠤᠶ ᠲᠦᠮᠡᠨ ᠲᠥᠭᠦᠷᠢᠭ ᠲᠤ ᠬᠦᠷᠴᠦ᠂ ᠪᠦᠬᠦ ᠰᠢᠶᠠᠨ ᠤ 8 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠤᠷᠪᠠᠨ ᠵᠢᠵᠢᠭ ᠡᠮ ᠡᠮᠨᠡᠯᠭᠡ ᠶᠢᠨ ᠲᠥᠬᠦᠭᠡᠷᠦᠮᠵᠢ ᠲᠣᠬᠢᠷᠠᠭᠤᠯᠵᠤ ᠥᠭᠭᠦᠭᠰᠡᠨ ᠤ ᠬᠠᠮᠲᠤ ᠠᠯᠤᠰ ᠠᠴᠠ ᠲᠤᠰᠠᠯᠠᠬᠤ ᠰᠢᠰᠲ᠋ᠧᠮ  ᠤᠭᠰᠠᠷᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠰᠢᠶᠠᠨ ᠤ ᠡᠮᠨᠡᠯᠭᠡ ᠶᠢᠨ ᠬᠤᠷᠢᠶ᠎ᠠ ᠶᠢᠨ  ᠠᠯᠤᠰ ᠠᠴᠠ ᠣᠨᠣᠰᠢᠯᠠᠬᠤ ᠶᠢ ᠪᠡᠶᠡᠯᠡᠭᠦᠯᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠳᠠᠮᠵᠢᠭᠤᠯᠤᠨ ᠬᠦᠷᠭᠡᠵᠦ᠂ ᠬᠥᠳᠡᠭᠡ ᠲᠣᠰᠬᠤᠨ ᠤ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠲᠦᠢᠯ ᠤᠨ ᠶᠡᠭᠡ ᠳᠥᠭᠦᠮ ᠦᠵᠡᠭᠦᠯᠵᠡᠶ᠃      ᠯᠢ ᠴᠦᠨ ᠶᠠᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠵᠢᠯ ᠮᠥᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠣᠯ ᠲᠡᠭᠦᠨ ᠤ ᠳᠣᠲᠣᠷᠠᠬᠢ ᠴᠢᠬᠤᠯᠠ ᠨᠢᠭᠡ ᠭᠤᠭᠴᠤᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾  ᠬᠠᠷᠠᠯᠳᠠ‌‍ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠡᠯ᠎ᠡ ᠵᠦᠢᠯ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ᠠᠷᠠᠳ ᠣᠯᠠᠨ ᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠬᠦ ᠶᠢ ᠪᠠᠳᠤᠯᠠᠵᠦ᠂ ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠶ᠃      ᠣᠳᠣ ᠪᠣᠯᠲᠠᠯ᠎ᠠ᠂ ᠪᠦᠬᠦ ᠰᠢᠶᠠᠨ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠵᠤ ᠲᠥᠷᠥ ᠶᠢᠨ ᠪᠣᠳᠣᠯᠭ᠎ᠠ ᠬᠦᠷᠳᠡᠬᠦ ᠶᠠᠳᠠᠭᠤ ᠬᠦᠴᠢᠷᠳᠡᠯᠲᠡᠶ ᠡᠷᠦᠬᠡ 1534 ᠬᠥᠮᠦᠨ ᠲᠠᠢ ᠭᠡᠷ᠎ᠡ ᠲᠣᠭᠲᠠᠵᠤ᠂ ᠡᠭᠦᠨ ᠳᠤ 92 ᠬᠦᠨᠳᠦ ᠡᠪᠡᠳᠴᠢᠨ ᠳᠤ ᠨᠡᠷᠪᠡᠭᠳᠡᠵᠦ᠂ 639 ᠠᠷᠬᠠᠭ ᠡᠪᠡᠳᠴᠢᠨ ᠳᠤ ᠨᠡᠷᠪᠡᠭᠳᠡᠵᠦ᠂ ᠭᠡᠷ᠎ᠡ ᠲᠤᠭᠳᠠᠭᠰᠠᠨ ᠨᠣᠷᠮ᠎ᠠ ᠨᠢ 100% ᠳᠤ ᠬᠦᠷᠴᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1