ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠤᠭᠳᠠᠬᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-07-15
      7 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠤᠭᠳᠠᠬᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ᠃      ᠯᠢ ᠴᠦᠨ ᠶᠠᠨ ᠨᠠᠷ  ᠭᠦ᠋ ᠴᠧᠩ ᠪᠠᠯᠭᠠᠰᠤᠨ ᠤ ᠡᠮᠦᠨ᠎ᠡ ᠲᠠᠶᠢᠵᠢ ᠲᠣᠰᠬᠤᠨ ᠳᠤ ᠬᠦᠷᠴᠦ᠂ ᠡᠮᠦᠨ᠎ᠡ ᠲᠠᠶᠢᠵᠢ ᠲᠣᠰᠬᠤᠨ ᠤ ᠨᠢᠭᠡ ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠳᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠮᠠᠯ ᠲᠠᠷᠢᠬᠤ᠂ ᠭᠠᠵᠠᠷ ᠰᠢᠷᠣᠶ ᠲᠡᠭᠰᠢᠯᠡᠬᠦ᠂ ᠵᠠᠮ ᠤᠨ ᠨᠣᠭᠤᠭᠠᠷᠠᠭᠤᠯᠤᠯᠲᠠ᠂ ᠬᠥᠭᠡᠷᠭᠡ ᠶᠢᠨ ᠥᠷᠲᠡᠭᠡ ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭᠲᠠᠢ ᠢᠨᠵᠧᠨᠧᠷᠢᠩ ᠮᠥᠨ᠂ ᠲᠠᠷᠢᠶᠠᠯᠠᠩ ᠤᠨ ᠶᠡᠷᠦᠩᠬᠡᠶᠢᠯᠡᠭᠰᠡᠨ  ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠯᠢ ᠴᠦᠨ ᠶᠠᠨ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠴᠠᠭ ᠤᠨ ᠳᠠᠷᠠᠭᠠᠯᠠᠯ ᠤᠨ ᠵᠠᠩᠭᠢᠶᠠᠰᠤ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠬᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠬᠤᠶᠠᠷ ᠢ ᠨᠡᠮᠡᠭᠳᠡᠭᠦᠯᠬᠦ᠂ ᠳᠥᠷᠪᠡ ᠶᠢ ᠡᠵᠡᠮᠳᠡᠬᠦ᠂ ᠲᠤᠯᠤᠭ᠎ᠠ ᠶᠢ ᠢᠵᠢ ᠪᠦᠷᠢᠳᠦᠭᠦᠯᠬᠦ︾ ᠦᠨᠳᠦᠰᠦᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠭᠠᠵᠠᠷ ᠰᠢᠷᠣᠶ ᠶᠢ ᠲᠡᠭᠰᠢᠯᠡᠬᠦ᠂ ᠲᠠᠷᠢᠶᠠᠨ ᠭᠠᠵᠠᠷ ᠤᠨ ᠵᠠᠮ ᠵᠡᠷᠭᠡ ᠢᠨᠵᠧᠨᠧᠷᠢᠩ ᠤᠨ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠰᠤ᠂ ᠲᠠᠷᠢᠶᠠᠨ ᠭᠠᠵᠠᠷ᠂ ᠣᠢ ᠰᠢᠭᠤᠶ᠂ ᠴᠠᠬᠢᠯᠭᠠᠨ᠂ ᠵᠠᠮ᠂ ᠰᠤᠪᠠᠭ᠂ ᠲᠠᠷᠢᠶᠠᠯᠠᠩ ᠤᠨ ᠮᠡᠷᠭᠡᠵᠢᠯ ᠵᠡᠷᠭᠡ 7 ᠢᠵᠢ ᠪᠦᠷᠢᠳᠦᠭᠰᠡᠨ ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠳᠤᠲᠠᠭᠳᠠᠵᠤ ᠪᠣᠯᠬᠤ ᠥᠬᠡᠶ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢ ᠳᠠᠭᠠᠵᠤ᠂ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠠᠴᠢᠶᠠᠯᠠᠪᠤᠷᠢ ᠪᠤᠯᠭᠠᠵᠦ᠂ ᠭᠠᠵᠠᠷ ᠰᠢᠷᠣᠶ ᠲᠡᠭᠰᠢᠯᠡᠬᠦ᠂ ᠵᠠᠮ ᠬᠥᠭᠦᠷᠭᠡ ᠶᠢ ᠥᠭᠡᠷᠡᠴᠢᠯᠡᠬᠦ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠳᠦᠷᠢ ᠲᠥᠷᠬᠦ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠲᠢᠶᠠᠨ ᠸᠧᠨ ᠭᠧ᠂ ᠱᠢ ᠯᠢ ᠵᠢᠶᠦ᠋ᠨ᠂  ᠭᠦ᠋ ᠴᠧᠩ ᠪᠠᠯᠭᠠᠰᠤ᠂ ᠡᠯ᠎ᠡ ᠬᠠᠮᠢᠶ ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1