ᠰᠢᠶᠠᠨ ᠤ ᠤᠳᠤᠷᠢᠳᠤᠯᠭ᠎ᠠ ᠯᠢᠦ ᠵᠢᠢ ᠶᠢᠩ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠠᠷᠢᠯᠭᠠᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-15
      7 ᠰᠠᠷ᠎ᠠ ᠶᠢᠨ 14 ᠤ ᠡᠳᠦᠷ᠂ ᠰᠢᠶᠠᠨ ᠤ ᠤᠳᠤᠷᠢᠳᠤᠯᠭ᠎ᠠ ᠯᠢᠦ ᠵᠢᠶ ᠶᠢᠩ ᠵᠠᠰᠠᠭ ᠤᠨ ᠣᠷᠳᠣᠨ ᠤ ᠳᠠᠯᠳᠠ ᠥᠷᠢ ᠦᠭᠴᠢᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠠᠷᠢᠯᠭᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠦ ᠢᠦᠶ ᠵᠥᠩ᠂ ᠲᠣᠭᠲᠠᠬᠤ ᠠᠵᠤ  ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠡᠯ᠎ᠡ ᠪᠠᠯᠭᠠᠰᠤ᠂  ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ ᠮᠦᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠬᠠᠷᠢᠭᠤᠴᠠᠯᠭᠠᠲᠠᠨ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠳᠠᠯᠳᠠ ᠥᠷᠢ ᠰᠢᠷᠢ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠤ ᠵᠣᠭᠤᠰ ᠢ  ᠠᠷᠢᠯᠭᠠᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠲᠤᠰ ᠲᠤᠰ ᠤᠨ ᠠᠵᠢᠯ ᠤᠨ ᠪᠠᠶᠢᠳᠠᠯ ᠢᠶᠠᠨ ᠢᠯᠡᠳᠬᠡᠬᠦ ᠶᠠᠷᠢᠶ᠎ᠠ ᠶᠢ  ᠲᠠᠯᠪᠢᠵᠠᠢ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠦ ᠢᠦᠶ ᠵᠦᠩ ᠳᠣᠤᠷ᠎ᠠ ᠬᠠᠭᠠᠰ ᠵᠢᠯ ᠤᠨ ᠥᠷᠢ ᠰᠢᠷᠢ ᠶᠢ ᠠᠷᠢᠯᠭᠠᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠵᠤᠭᠤᠰ ᠢ ᠠᠷᠢᠯᠭᠠᠬᠤ ᠠᠵᠢᠯ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠪᠠᠯᠭᠠᠰᠤ᠂ ᠾᠧ ᠺᠧᠦ ᠶᠢᠨ ᠬᠠᠮᠢᠶᠠᠷᠤᠯᠲᠠ ᠶᠢᠨ ᠵᠥᠪᠯᠡᠯ ᠶᠡᠷᠦᠩᠬᠡᠶ ᠱᠦᠵᠢ ᠰᠢ ᠶᠢᠨ ᠫᠢᠩ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠶᠠᠨ ᠤ ᠵᠠᠰᠠᠭ ᠤᠨ ᠣᠷᠳᠣᠨ ᠤ ᠥᠷᠢ ᠰᠢᠷᠢ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠤ ᠵᠣᠭᠤᠰ ᠢ ᠰᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ  ᠤᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ ᠭᠡᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ  ᠵᠦᠪᠯᠡᠯ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ᠂ ᠤᠷᠢᠳᠴᠢᠯᠠᠨ ᠲᠦᠯᠦᠪᠯᠡᠵᠦ᠂ ᠵᠣᠬᠢᠰᠲᠠᠶ ᠲᠣᠬᠢᠷᠠᠭᠤᠯᠵᠤ᠂ ᠪᠦᠬᠦ ᠵᠢᠯ ᠤᠨ ᠡᠭᠦᠷᠭᠡ ᠶᠢ ᠪᠦᠬᠦ ᠲᠠᠯ᠎ᠠ ᠪᠠᠷ ᠡᠮᠬᠢᠯᠡᠪᠡ ᠃ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠴᠠᠭ ᠲᠤᠬᠠᠶ ᠳᠤᠨᠢ ᠳᠠᠭᠠᠵᠤ᠂ ᠨᠡᠶᠢᠯᠡᠮᠡᠯ ᠬᠦᠴᠦᠨ ᠢ ᠤ ᠦᠷᠢᠯᠳᠦᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢᠭᠡᠳᠦᠯᠲᠡᠶ ᠵᠣᠬᠢᠴᠠᠭᠤᠯᠵᠤ᠂ ᠶᠡᠷᠦᠩᠬᠡᠶᠢᠯᠡᠨ ᠲᠣᠬᠢᠷᠠᠭᠤᠯᠵᠤ᠂ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠠᠵᠢᠯ ᠢ ᠪᠣᠳᠠᠲᠠᠶ ᠠᠳᠬᠤᠵᠤ᠂ ᠰᠠᠶᠢᠲᠤᠷ ᠠᠳᠬᠤᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠠᠰᠠᠭᠤᠳᠠᠯ ᠢ ᠵᠣᠬᠢᠰᠲᠠᠢ  ᠰᠢᠳᠪᠦᠷᠢᠯᠡᠨ᠎ᠡ᠃ ᠥᠷᠢ ᠰᠢᠷᠢ ᠠᠷᠢᠯᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ᠂ ᠠᠵᠢᠯᠯᠠᠬᠤ ᠴᠠᠭ ᠤᠨ ᠳᠠᠷᠠᠭᠠᠯᠠᠯ ᠢᠶᠠᠨ ᠵᠦᠶ ᠵᠣᠬᠢᠰᠲᠠᠶ ᠲᠣᠬᠢᠷᠠᠭᠤᠯᠵᠤ᠂ ᠪᠦᠬᠦ ᠵᠢᠯ ᠤᠨ ᠡᠭᠦᠷᠭᠡ ᠪᠠᠨ ᠪᠦᠬᠦ ᠬᠦᠴᠦᠨ ᠢᠶᠠᠷ ᠢᠶᠠᠨ ᠤᠷᠢᠳᠴᠢᠯᠠᠨ ᠪᠡᠶᠡᠯᠡᠭᠦᠯᠬᠦ ᠶᠢᠨ ᠬᠠᠮᠲᠤ ᠳᠠᠪᠠᠭᠤᠯᠤᠨ ᠪᠡᠶᠡᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ  ᠵᠦᠪᠯᠡᠯ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠪᠣᠯᠤᠨ ᠨᠢᠭᠡᠳᠦᠭᠡᠷ ᠭᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯ ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠡᠶ᠎ᠡ ᠪᠠᠷ ᠢᠶᠠᠨ ᠲᠣᠬᠢᠷᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠦ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠰᠢᠶᠠᠨ ᠢᠶᠠᠷ ᠢᠶᠠᠨ ︽ᠨᠢᠭᠡ ᠬᠥᠯᠭᠡ ᠰᠢᠲᠠᠷ᠎ᠠ ᠮᠡᠲᠦ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ ᠬᠡᠷᠡᠭᠲᠡᠶ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠯᠴᠠᠨ ᠬᠠᠮᠵᠢᠯᠴᠠᠵᠤ᠂ ᠪᠦᠲᠦᠮᠵᠢᠲᠡᠶ ᠵᠣᠯᠭᠠᠭᠤᠯᠵᠤ᠂ ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠡᠶᠡᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠮᠳᠠᠭᠤᠯᠤᠨ ᠪᠠᠶᠢᠴᠠᠭᠠᠬᠤ ᠶᠢ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠦ᠂ ᠡᠯ᠎ᠡ ᠰᠠᠯᠠᠭ᠎ᠠ ᠮᠥᠴᠢᠷ ᠨᠢ ᠪᠣᠳᠠᠲᠠᠶ ᠠᠳᠬᠤᠵᠤ ᠭᠦᠨᠵᠡᠭᠡᠶᠢᠷᠡᠭᠦᠯᠬᠦ ᠶᠢ ᠠᠬᠢᠭᠤᠯᠵᠤ᠂ ᠥᠷᠢ ᠥᠭᠴᠡᠭᠡ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠶᠢ ᠦᠨᠡᠨ ᠬᠦ ᠪᠠᠲᠤᠯᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠦᠭᠵᠢᠯᠳᠡ ᠶᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1