ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠦᠬᠦ ᠰᠢᠶᠠᠨ ᠤ ᠰᠠᠯᠠᠭᠠᠨ ᠤ ᠲᠡᠰ ᠤᠨ ᠺᠠᠳ᠋ᠷ ᠤᠨ ᠪᠤᠯᠪᠠᠰᠤᠷᠠᠯ ᠤᠨ ᠠᠩᠭᠢ ᠳᠤ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2020-07-16
      7 ᠰᠠᠷ᠎ᠠ ᠶᠢᠨ 15 ᠤ ᠡᠳᠦᠷ᠂ ᠪᠥᠬᠦ ᠰᠢᠶᠠᠨ ᠤ ᠰᠠᠯᠠᠭᠠᠨ ᠤ ᠲᠠᠰ ᠤᠨ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠰᠢᠶᠠᠨ ᠤ ᠶᠦᠨ ᠵᠥᠩ ᠰᠣᠶᠣᠯ ᠤᠨ ᠣᠷᠳᠣᠨ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠶᠣᠰᠣᠯᠠᠯ ᠳᠤ ᠣᠷᠣᠯᠴᠠᠭᠰᠠᠨ ᠪᠥᠭᠡᠳ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠶᠡᠭᠡ ᠲᠠᠯ᠎ᠠ ᠳᠤ ᠨᠢᠭᠡᠳᠦᠯᠲᠡᠶ ᠲᠥᠯᠥᠪᠯᠡᠨ ᠦᠢᠯᠡᠴᠢᠯᠡᠵᠦ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠴᠦᠯᠡᠨ ᠠᠬᠢᠭᠤᠯᠬᠤ ᠬᠡᠷᠡᠭᠲᠡᠶ︾ ᠭᠡᠬᠦ ᠭᠤᠤᠯ ᠰᠡᠳᠦᠪᠲᠦ ᠪᠣᠯᠪᠠᠰᠤᠷᠠᠯ ᠤᠨ ᠠᠩᠭᠢ ᠳᠤ ᠨᠢᠭᠡᠳᠦᠭᠡᠷ ᠬᠢᠴᠢᠶᠡᠯ ᠢ ᠲᠠᠶᠢᠯᠪᠤᠷᠢᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᡁᠢ ᠢᠦᠢ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠤᠷᠤᠯᠴᠠᠭᠰᠠᠨ ᠴᠢᠬᠤᠯᠠ ᠶᠠᠷᠢᠶ᠎ᠠ ᠨᠢ ᠭᠦᠨ ᠵᠤᠵᠠᠭᠠᠨ ᠤᠳᠬ᠎ᠠ ᠠᠭᠤᠯᠭ᠎ᠠ ᠲᠠᠢ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠲᠥᠷᠥ ᠪᠠᠷᠢᠬᠤ ᠣᠶᠢᠯᠠᠭᠠᠭᠳᠠᠬᠤᠨ ᠢ  ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠲᠦᠮᠡᠨ ᠢ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠤᠢᠭᠡᠢ ᠪᠤᠶᠠᠨ ᠦᠢᠯᠡᠳᠴᠦ᠂ ᠠᠷᠠᠳ ᠲᠦᠮᠡᠨ ᠢ ᠪᠠᠲᠤ ᠦᠨᠳᠦᠰᠦᠯᠡᠭᠦᠯᠬᠦ ᠬᠡᠷᠡᠭᠲᠡᠶ ᠭᠡᠵᠡᠶ᠃ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠤᠷᠤᠭᠰᠢᠯᠠᠬᠤ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢᠨ ᠭᠤᠤᠯ ᠠᠭᠤᠯᠭ᠎ᠠ ᠶᠢ ᠭᠦᠨᠵᠡᠭᠡᠶ ᠤᠶᠢᠯᠠᠭᠠᠵᠦ ᠣᠨᠣᠪᠴᠢᠲᠠᠶ ᠡᠵᠡᠮᠰᠢᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠳᠤᠷᠠᠳᠤᠭᠰᠠᠨ ᠳᠥᠷᠪᠡᠨ ︽ᠵᠢᠱᠢᠶᠡᠯᠡᠪᠡᠯ︾ ᠢ ᠭᠦᠨᠵᠡᠭᠡᠶ ᠪᠣᠳᠣᠯᠬᠢᠯᠠᠵᠤ᠂ ᠨᠠᠷᠢᠨ ᠬᠢᠨᠠᠮᠠᠭᠠᠢ ᠲᠥᠯᠥᠪᠵᠢᠭᠦᠯᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠦᠵᠡᠯ ᠰᠠᠨᠠᠭ᠎ᠠ ᠶᠢ ᠦᠨᠡᠨᠬᠦ ᠡᠯ᠎ᠡ ᠵᠦᠢᠯ ᠤᠨ ᠠᠵᠢᠯ ᠤᠨ ᠳᠤᠮᠳᠠ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠰᠡᠳᠬᠢᠯ ᠢᠶᠠᠨ ᠨᠢᠭᠲᠠᠷᠠᠭᠤᠯᠵᠤ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ᠲᠣᠭᠲᠠᠬᠤ  ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︕ ᠭᠡᠪᠡ      ᠲᠣᠰ ᠤᠳᠠᠭᠠᠨ ᠤ ᠪᠣᠯᠪᠠᠰᠤᠷᠠᠭᠤᠯᠤᠯ ᠨᠡᠶᠢᠲᠡ 2 ᠬᠤᠭᠤᠴᠠᠭ᠎ᠠ ᠲᠣᠬᠢᠷᠠᠭᠤᠯᠵᠤ᠂ ᠬᠤᠭᠤᠴᠠᠭ᠎ᠠ ᠪᠦᠷᠢ ᠳᠤ 7 ᠡᠳᠤᠷ ᠤᠨ ᠬᠢᠴᠢᠶᠡᠯ ᠲᠣᠬᠢᠷᠠᠭᠤᠯᠤᠨ᠎ᠠ᠃ ᠲᠥᠪᠯᠡᠷᠡᠭᠦᠯᠦᠨ ᠬᠠᠪᠰᠤᠷᠤᠨ ᠵᠢᠯᠣᠭᠤᠳᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠶᠢ ᠬᠠᠷᠢᠯᠴᠠᠨ ᠤᠶᠠᠯᠳᠤᠭᠤᠯᠵᠦ ᠬᠡᠯᠪᠡᠷᠢ ᠪᠠᠷ ᠪᠦᠬᠦ ᠰᠢᠶᠠᠨ ᠤ ᠰᠠᠯᠠᠭᠠᠨ ᠲᠡᠰ ᠤᠨ ᠺᠠᠳ᠋ᠷ ᠢ ᠵᠣᠬᠢᠶᠠᠨ ᠪᠠᠶᠢᠭᠤᠯᠤᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠪᠠ᠃ ᠡᠭᠦᠨ ᠤ ᠬᠠᠮᠲᠤ ᠰᠢᠶᠠᠨ ᠤ ᠨᠠᠮ ᠤᠨ ᠬᠤᠷᠢᠶᠠᠨ ᠤ ᠭᠤᠤᠯ ᠠᠵᠢᠯ᠂ ᠣᠳᠣᠬᠠᠨ ᠤ ᠪᠠᠶᠢᠳᠠᠯ ᠡᠭᠦᠷᠭᠡ ᠪᠣᠯᠤᠨ  ᠺᠳᠠᠷ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠴᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1