ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠠᠴᠢᠮ ᠮᠡᠳᠡᠭᠳᠡᠯ ᠪᠠᠭᠤᠯᠭᠠᠵᠤ ᠦᠶᠡᠷ ᠤᠨ ᠬᠤᠭᠤᠴᠠᠭᠠᠨ ᠳᠤ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2020-07-21
      ᠶᠡᠷᠦᠩᠬᠡᠶ ᠱᠦᠵᠢ ᠰᠢ ᠶᠢᠨ ᠫᠢᠩ ᠤᠨ 7 ᠳ᠋ᠤᠭᠠᠷ ᠰᠠᠷ᠎ᠠ ᠶᠢᠨ 17 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠣᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠡᠯ᠎ᠡ ᠠᠶᠢᠮᠠᠭ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠢ ᠳᠤ ᠪᠠᠴᠢᠮ ᠮᠡᠳᠡᠭᠳᠡᠯ ᠪᠠᠭᠤᠯᠭᠠᠵᠤ᠂ ᠦᠶᠡᠷ ᠤᠨ ᠬᠤᠭᠤᠴᠠᠭᠠᠨ ᠳᠤ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠭᠦᠨᠵᠡᠭᠡᠶᠢᠷᠡᠭᠦᠯᠵᠦ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠦᠶᠡᠷ ᠤᠨ ᠬᠤᠭᠤᠴᠠᠭᠠᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠳᠠᠷᠦ᠋ᠢᠬᠠᠨ ᠳᠠᠬᠢᠨ ᠪᠠᠶᠢᠴᠠᠭᠠᠵᠤ᠂ ᠳᠠᠬᠢᠨ ᠲᠦᠯᠬᠢᠨ ᠠᠬᠢᠭᠤᠯᠵᠤ᠂ ᠳᠠᠬᠢᠨ ᠪᠠᠶᠢᠷᠢᠯᠠᠭᠤᠯᠬᠤ ᠬᠡᠷᠡᠭᠲᠡᠶ᠃ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠳᠣᠪᠤᠶᠢᠮ᠎ᠠ ᠰᠠᠶᠢᠲᠤᠷ ᠬᠢᠵᠦ᠂ ᠭᠤᠤᠯ ᠳᠠᠭᠠᠤ ᠨᠠᠭᠤᠷ ᠳᠠᠭᠠᠤ᠂ ᠭᠠᠵᠠᠷ ᠤᠨ ᠪᠠᠶᠢᠴᠠ ᠳᠣᠤᠷ᠎ᠠ ᠭᠠᠵᠠᠷ ᠣᠷᠣᠨ ᠤ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠪᠣᠯᠤᠨ ᠬᠤᠲᠠ ᠶᠢᠨ ᠭᠠᠵᠠᠷ ᠳᠣᠤᠷᠠᠬᠢ ᠨᠦᠬᠡᠨ ᠵᠠᠮ᠂ ᠬᠤᠭᠤᠯᠠᠶ ᠶᠢᠨ ᠲᠣᠤᠷ ᠵᠡᠷᠭᠡ ᠠᠮᠤᠷ ᠲᠥᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠳᠠᠯᠳᠠ ᠭᠡᠮ ᠪᠣᠯᠤᠨ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠪᠡ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠦᠨᠡᠨ ᠬᠦ ᠰᠠᠶᠢᠲᠤᠷ ᠬᠢᠵᠦ᠂ ᠵᠠᠭᠤᠴᠢᠯᠠᠭᠤᠷ ᠤᠨ ᠤᠬᠠᠭᠤᠯᠭ᠎ᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠦᠢᠯᠡᠳᠪᠦᠷᠢᠯᠡᠯ ᠤᠨ ᠠᠮᠤᠷ ᠲᠥᠪᠰᠢᠨ ᠤ ᠡ᠊ᠨᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1