2021 ᠣᠨ ᠤ 1 ᠳ᠋ᠦ᠋ᠭᠡᠷ ᠰᠠᠷ᠎ᠠ ᠶᠢᠨ 1  ᠤ ᠡᠳᠦᠷ ᠤᠯᠤᠰ ᠠᠴᠠ ᠵᠤᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ ᠶᠢᠨ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠮᠠᠨ ᠤ ᠣᠷᠣᠨ ᠳᠤ ᠤᠷᠤᠭᠰᠢᠲᠠᠶ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/1/1
       2021 ᠣᠨ ᠤ 1 ᠳ᠋ᠦ᠋ᠭᠡᠷ ᠰᠠᠷ᠎ᠠ ᠶᠢᠨ 1   ᠤ ᠡᠳᠦᠷ ᠤᠯᠤᠰ ᠠᠴᠠ ᠵᠤᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ ᠶᠢᠨ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠮᠠᠨ ᠤ ᠣᠷᠣᠨ ᠳᠤ ᠤᠷᠤᠭᠰᠢᠲᠠᠶ ᠨᠠᠶᠢᠳᠠᠪᠤᠷᠢᠵᠢᠭᠤᠯᠪᠠ      2021 ᠣᠨ ᠤ 1 ᠳ᠋ᠦ᠋ᠭᠡᠷ ᠰᠠᠷ᠎ᠠ ᠶᠢᠨ 1   ᠤ ᠡᠳᠦᠷ ᠤᠨ 1 ᠴᠠᠭ 20 ᠮᠢᠨᠦ᠋ᠲ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠤᠯᠤᠰ ᠠᠴᠠ ᠵᠤᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ ᠶᠢᠨ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠶᠯᠡᠳᠬᠦᠨ ᠢ ᠬᠡᠷᠡᠭᠯᠡᠨ ᠪᠥᠬᠦ ᠣᠷᠣᠨ ᠤ ᠠᠩᠬᠠᠳᠠᠭᠴᠢ ᠵᠢᠷᠦᠬᠡᠨ ᠲᠢᠲᠢᠮ ᠤᠨ ᠡᠪᠡᠳᠴᠢᠨ ᠳᠤ ᠮᠡᠰᠡ ᠵᠠᠰᠠᠯ ᠬᠢᠵᠦ ᠡᠮᠨᠡᠨ ᠵᠠᠰᠠᠪᠠ᠃ ᠲᠢᠲᠢᠮ ᠰᠤᠳᠠᠯ ᠤᠨ ᠲᠤᠯᠤᠭᠠᠰᠤ ᠮᠢᠩᠭᠠᠨ ᠲᠥᠭᠦᠷᠢᠭ ᠤᠨ ᠴᠠᠭ ᠦᠶ᠎ᠡ ᠳᠤ ᠣᠷᠣᠵᠤ᠂ ᠪᠥᠬᠦ ᠣᠷᠣᠨ ᠤ ᠥᠷᠭᠡᠨ ᠣᠯᠠᠨ ᠲᠢᠲᠢᠮ ᠵᠢᠷᠦᠬᠡᠨ ᠡᠪᠡᠳᠴᠢᠲᠡᠨ ᠴᠥᠮ ᠲᠢᠲᠢᠮ ᠰᠤᠳᠠᠯ ᠤᠨ ᠲᠤᠯᠤᠭᠠᠰᠤ ᠶᠢ ᠬᠡᠷᠡᠭᠯᠡᠵᠦ ᠳᠡᠶᠢᠯᠬᠦ ᠪᠣᠯᠵᠣ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃      ᠤᠯᠤᠰ ᠠᠴᠠ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠲᠤᠬᠠᠶ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ 2020 ᠣᠨ ᠤ 11 ᠰᠠᠷ᠎ᠠ ᠶᠢᠨ 9   ᠤ ᠡᠳᠦᠷ᠂ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ  ᠳᠤ ᠰᠣᠩᠭᠤᠭᠳᠠᠭᠰᠠᠨ ᠦᠷ᠎ᠡ ᠳ᠋ᠦᠩ ᠢ ᠨᠡᠶᠢᠲᠡᠯᠡᠪᠡ᠂ 8 ᠠᠵᠤ ᠠᠬᠤᠶᠢᠯᠠᠯ ᠤᠨ 10 ᠦᠶᠯᠡᠳᠬᠦᠨ ᠵᠢᠭᠰᠠᠭᠠᠯᠲᠠ  ᠳᠤ ᠣᠷᠣᠵᠤ᠂ ᠲᠢᠲᠢᠮ ᠰᠤᠳᠠᠯ ᠤᠨ ᠲᠤᠯᠤᠭᠠᠰᠤ ᠶᠢᠨ ᠦᠨ᠎ᠡ ᠨᠢ ᠳᠤᠮᠳᠠᠴᠢ ᠦᠨ᠎ᠡ ᠨᠢ 13000 ᠲᠥᠭᠦᠷᠢᠭ ᠣᠷᠴᠢᠮ ᠪᠠᠶᠢᠭᠰᠠᠨ ᠠᠴᠠ ᠪᠠᠨ 700 ᠲᠥᠭᠦᠷᠢᠭ ᠣᠷᠴᠢᠮ ᠪᠣᠯᠲᠠᠯ᠎ᠠ ᠪᠠᠭᠤᠷᠠᠵᠤ᠂ ᠰᠣᠩᠭᠤᠭᠳᠠᠭᠰᠠᠨ ᠨᠢ ᠦᠨᠳᠦᠰᠦᠨ ᠳᠡᠭᠡᠨ ᠴᠥᠮ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠪᠠᠶᠢᠩᠭᠤ ᠬᠡᠷᠡᠭᠯᠡᠳᠡᠭ ᠭᠤᠤᠯ ᠦᠶᠯᠡᠳᠬᠦᠨ ᠪᠠᠶᠢᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠰᠠᠨᠠᠮᠵᠢ ᠶᠢᠨ ᠬᠡᠮᠵᠢᠶ᠎ᠡ ᠶᠢᠨ 70 % ᠠᠴᠠ ᠳᠡᠭᠡᠭᠰᠢᠬᠢ ᠶᠢ ᠬᠠᠮᠤᠷᠴᠠᠶ᠃ ᠲᠣᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠮᠠᠨ ᠤ ᠣᠷᠣᠨ ᠨᠡᠶᠢᠲᠡ 80 ᠡᠮᠴᠢᠯᠡᠭᠡᠨ ᠤ ᠪᠠᠶᠢᠭᠤᠯᠤᠮᠵᠢ ᠣᠷᠣᠯᠴᠠᠵᠤ᠂ 2019 ᠣᠨ ᠤ ᠬᠢ ᠲᠠᠢ ᠬᠠᠷᠢᠴᠠᠭᠤᠯᠪᠠᠯ᠂ ᠠᠳᠠᠯᠢ ᠠᠵᠤ ᠠᠬᠤᠶᠢᠯᠠᠯ ᠤᠨ ᠠᠳᠠᠯᠢ ᠦᠶᠯᠡᠳᠬᠦᠨ ᠤ ᠦᠨ᠎ᠡ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 93. 65 %   ᠳᠤ ᠬᠦᠷᠴᠦ᠂ ᠰᠣᠩᠭᠤᠭᠳᠠᠭᠰᠠᠨ ᠦᠶᠯᠡᠳᠬᠦᠨ ᠨᠢ 75. 93 %   ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠰᠠᠨᠠᠮᠵᠢ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ᠃      ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠮᠠᠨ ᠤ ᠣᠷᠣᠨ ᠳᠤ ᠤᠷᠤᠭᠰᠢᠲᠠᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ 2020 ᠣᠨ  ᠤ 11 ᠳ᠋ᠦ᠋ᠭᠡᠷ ᠰᠠᠷ᠎ᠠ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠬᠠᠭᠤᠯᠵᠤ ᠬᠥᠲᠥᠯᠥᠨ ᠵᠢᠯᠣᠭᠤᠳᠬᠤ᠂ ᠰᠦᠯᠵᠢᠶᠡᠨ ᠳᠤ ᠭᠠᠷᠭᠠᠬᠤ ᠦᠶᠯᠡᠳᠬᠦᠨ ᠰᠣᠩᠭᠤᠬᠤ ᠶᠢ ᠢᠳᠡᠪᠬᠢᠲᠡᠶ ᠥᠷᠨᠢᠭᠦᠯᠵᠦ᠂ ᠦᠶᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠡᠮᠴᠢᠯᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠬᠤᠷᠠᠯ ᠢ ᠬᠤᠷᠠᠯᠳᠤᠭᠤᠯᠵᠤ᠂ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠬᠤᠳᠠᠯᠳᠤᠨ ᠠᠪᠴᠤ ᠳᠣᠭᠢᠷᠠᠭᠤᠯᠤᠨ ᠬᠦᠷᠭᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠴᠤ᠂ ᠭᠤᠤᠯᠳᠠᠯᠭ᠎ᠠ ᠲᠠᠢ ᠡᠮᠴᠢᠯᠡᠭᠡᠨ ᠤ ᠪᠠᠶᠢᠭᠤᠯᠤᠮᠵᠢ  ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠥᠬᠦ ᠲᠠᠯ᠎ᠠ  ᠪᠠᠷ ᠳᠣᠭᠢᠷᠠᠭᠤᠯᠤᠨ ᠪᠠᠶᠢᠷᠢᠯᠠᠭᠤᠯᠪᠠ᠃ ᠡᠭᠦᠨ ᠤ ᠬᠠᠮᠲᠤ᠂ ᠤᠯᠤᠰ ᠤᠨ ᠱᠠᠭᠠᠷᠳᠠᠯᠭ᠎ᠠ ᠶᠣᠰᠣᠭᠠᠷ᠂ ︽ᠤᠯᠤᠰ  ᠤᠨ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾   ᠢ ᠴᠠᠭ ᠲᠤᠬᠠᠶ ᠳᠤᠨᠢ ᠳᠠᠷᠤᠮᠠᠯᠯᠠᠨ ᠲᠠᠷᠬᠠᠭᠠᠵᠤ᠂ 2021 ᠣᠨ ᠤ 1  ᠳ᠋ᠤᠭᠡᠷ ᠰᠠᠷ᠎ᠠ ᠶᠢᠨ 1   ᠤ ᠡᠳᠦᠷ ᠠᠴᠠ ᠡᠬᠢᠯᠡᠨ ᠤᠯᠤᠰ ᠠᠴᠠ ᠵᠤᠬᠢᠶᠠᠨ ᠲᠢᠲᠢᠮ ᠰᠤᠳᠠᠯ  ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃ ᠣᠳᠣᠬᠠᠨ ᠳᠤ᠂ ᠰᠢᠮᠳᠠᠭᠤᠯᠤᠨ ᠵᠢᠯᠣᠭᠤᠳᠬᠤ ᠡᠳᠦᠷ ᠤᠨ ᠮᠡᠳᠡᠭᠦᠯᠦᠯᠲᠡ ᠶᠢᠨ ᠪᠠᠶᠢᠳᠠᠯ ᠢ ᠦᠨᠳᠦᠰᠦᠯᠡᠪᠡᠯ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠴᠤᠭᠯᠠᠭᠤᠯᠬᠤ ᠳᠤ ᠰᠣᠩᠭᠤᠭᠳᠠᠭᠰᠠᠨ ᠦᠷ᠎ᠡ ᠳ᠋ᠦᠩ ᠢ ᠨᠠᠶᠢᠳᠠᠪᠤᠷᠢᠵᠢᠭᠤᠯᠬᠤ ᠠᠵᠢᠯ ᠶᠠᠭ ᠲᠣᠭᠲᠠᠭᠤᠨ ᠢᠶᠠᠷ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1