ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/11
      1 ᠳ᠋ᠤᠭᠡᠷ ᠰᠠᠷ᠎ᠠ ᠶᠢᠨ 6   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ᠂ ᠰᠢᠶᠠᠨ ᠤ ᠤᠳᠤᠷᠢᠳᠤᠯᠭ᠎ᠠ ᠯᠦ ᠢᠦᠢ ᠵᠥᠩ᠂ ᠷᠧᠨ ᠷᠦᠢ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳ᠋ᠡ ᠲᠠᠩ ᠲᠣᠭᠲᠠᠬᠤ ᠴᠠᠬᠢᠯᠭᠠᠨ ᠤ ᠺᠣᠮᠫᠠᠨᠢ᠂ ᠶᠠᠨ ᠱᠠᠨ ᠶᠢᠩ ᠲᠥᠪᠯᠡᠷᠡᠭᠦᠯᠦᠨ ᠲᠤᠰᠠᠭᠠᠷᠯᠠᠬᠤ ᠴᠡᠭ᠂ ᠲᠣᠭᠲᠠᠬᠤ ᠵᠡᠭᠦᠨ ᠥᠷᠲᠡᠭᠡ᠂ ᠸᠠᠨ ᠰᠢᠩ ᠲᠠᠯᠠᠪᠠᠶ᠂ ᠽᠧ ᠯᠢᠨ ᠮᠢᠬᠠᠨ ᠢᠳᠡᠭᠡᠨ ᠤᠰᠤᠨ ᠭᠠᠷᠤᠯᠲᠠ ᠪᠥᠭᠡᠮ ᠢᠶᠠᠷ ᠪᠣᠷᠣᠯᠠᠭᠤᠯᠬᠤ ᠭᠠᠵᠠᠷ᠂ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠬᠦᠷᠴᠦ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠶᠯᠡᠳᠪᠦᠷᠢ ᠶᠢᠨ ᠬᠦᠷᠢᠶᠡᠯᠡᠩ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ  ᠪᠠᠨ ᠳᠡᠭᠡᠭᠰᠢᠯᠡᠭᠦᠯᠵᠦ᠂ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠣᠳᠣᠬᠠᠨ ᠤ ᠰᠡᠷᠭᠡᠶᠢᠯᠡᠨ ᠡᠵᠡᠮᠳᠡᠬᠦ ᠪᠠᠶᠢᠳᠠᠯ ᠢ ᠣᠨᠣᠪᠴᠢᠲᠠᠶ ᠡᠵᠡᠮᠳᠡᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾   ᠶᠢ ᠪᠣᠳᠠᠲᠠᠶᠢᠵᠢᠭᠤᠯᠵᠤ᠂ ︽ᠬᠥᠮᠦᠰ ᠪᠤᠳᠠᠰ ᠢ ᠬᠠᠮᠲᠤ ᠳᠤᠨᠢ ᠰᠡᠷᠭᠡᠶᠢᠯᠡᠬᠦ︾   ᠶᠢ ᠪᠡᠶᠡᠯᠡᠭᠦᠯᠬᠦ ᠬᠡᠷᠡᠭᠲᠡᠶ᠃ ᠭᠤᠤᠯᠳᠠᠯᠭ᠎ᠠ ᠲᠠᠢ ᠬᠠᠮᠢᠶᠠᠷᠤᠯᠲᠠ ᠶᠢ ᠳᠣᠪᠣᠶᠢᠯᠭᠠᠵᠤ᠂ ᠠᠵᠤ ᠠᠬᠤᠶᠢᠯᠠᠯ᠂ ᠵᠣᠴᠢᠳ ᠤᠨ ᠪᠠᠭᠤᠳᠠᠯ᠂ ᠲᠡᠷᠭᠡᠨ ᠥᠷᠲᠡᠭᠡ᠂ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ᠂ ᠲᠦᠷᠭᠡᠨ ᠬᠦᠷᠭᠡᠯᠲᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠ ᠥᠨᠳᠥᠷ ᠲᠠᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠵᠢᠴᠢ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠴᠢᠩᠭ᠎ᠠ ᠬᠠᠮᠢᠶᠠᠷᠤᠨ ᠡᠵᠡᠮᠳᠡᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠠᠴᠠ ︽ᠬᠥᠳᠡᠭᠡ ᠲᠣᠰᠬᠤᠨ ᠤ ᠭᠠᠵᠠᠷ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾᠂ ︽ᠭᠠᠳᠠᠭᠠᠳᠤ ᠠᠴᠠ ᠣᠷᠣᠭᠤᠯᠬᠤ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠤ ᠡᠳ᠋ ᠪᠣᠳᠠᠰ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠪᠣᠯᠤᠨ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠶᠢ ᠵᠠᠳᠠᠯᠵᠤ ᠰᠤᠳᠤᠯᠤᠨ ᠮᠠᠭᠠᠳᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠲᠣᠰᠬᠤᠨ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠨᠢᠭᠲᠠ ᠨᠡᠪᠲᠡᠷᠡᠯᠴᠡᠨ ᠬᠠᠷᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠯᠠᠨ ᠲᠦᠮᠡᠨ ᠤ ᠥᠪᠡᠷ  ᠢ ᠪᠠᠨ ᠬᠠᠮᠠᠭᠠᠯᠠᠬᠤ ᠤᠬᠠᠮᠰᠠᠷ ᠪᠣᠯᠤᠨ ᠰᠡᠷᠭᠡᠶᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠢᠭ  ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠦᠨᠡᠨ ᠬᠦ ᠪᠠᠭᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ ᠠᠵᠢᠯᠲᠠᠨ᠂ ᠡᠳ᠋ ᠪᠣᠳᠠᠰ ᠤᠨ ᠨᠥᠭᠡᠴᠡ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠭᠠᠷᠤᠮᠠᠭᠴᠠ ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ︔ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠾᠧᠦ ᠯᠢᠨ ᠹᠧᠩ᠂ ᠲᠢᠶᠠᠨ ᠯᠢ ᠵᠢᠶᠦ᠋ᠨ᠂ ᠱᠧᠨ ᠢ᠂ ᠯᠢᠦ ᡁᠢ ᠴᠢᠶᠠᠩ᠂ ᠯᠦ ᠢᠦᠢ ᠵᠦᠩ᠂ ᠷᠧᠨ ᠷᠦᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ  ᠶᠢᠨ ᠬᠦᠷᠢᠶᠡᠯᠡᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1