︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠷᠬᠢᠴᠡᠭᠦᠯᠦᠯ — — ᠠᠵᠤ ᠦᠶᠯᠡᠳᠪᠦᠷᠢ
ᠨᠡᠶᠢᠲᠡᠯᠡᠭᠰᠡᠨ ᠴᠠᠭ᠄
2021/1/13
      ᠠᠵᠤ ᠦᠢᠯᠡᠳᠪᠦᠷᠢ ᠪᠣᠯ ᠠᠵᠤ ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠂ ᠠᠵᠤ ᠦᠢᠯᠡᠳᠪᠦᠷᠢ ᠬᠥᠭᠵᠢᠪᠡᠯ ᠠᠵᠤ ᠠᠬᠤᠢ ᠬᠥᠭᠵᠢᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠰᠢᠶᠠᠨ ᠠᠵᠤ ᠦᠢᠯᠡᠳᠪᠦᠷᠢ ᠪᠠᠷ ᠰᠢᠶᠠᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠶᠡᠬᠡᠪᠡᠷ ᠬᠡᠷᠡᠭᠵᠢᠭᠦᠯᠵᠦ᠂ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠰᠢᠨ᠎ᠡ ᠪᠠᠷ ᠮᠠᠨᠳᠤᠭᠰᠠᠨ ᠬᠥᠳᠡᠯᠭᠡᠬᠦ ᠡᠨᠧᠷᠭᠢ ᠡᠳᠦᠷ ᠢᠷᠡᠬᠦᠶ᠎ᠡ ᠪᠤᠵᠠᠭᠠᠶᠢᠷᠠᠵᠤ᠂ ᠪᠦᠬᠦ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠡᠷᠡᠭᠦᠯ ᠢᠶᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃
     5 ᠵᠢᠯ ᠤᠨ ᠲᠤᠷᠰᠢ᠂ ᠲᠣᠭᠲᠠᠬᠤ ᠰᠢᠶᠠᠨ ᠤ ᠠᠵᠤ ᠦᠶᠯᠡᠳᠪᠦᠷᠢ ᠶᠢᠨ ᠠᠵᠤ ᠠᠬᠤᠶ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠳᠡᠯᠡᠬᠡᠶ ᠳ᠋ᠠᠬᠢᠨ ᠳᠤ ᠰᠢᠨ᠎ᠡ ᠳᠦᠷᠰᠦ ᠪᠠᠶᠢᠳᠠᠯ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ 31 ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠥᠬᠦ ᠥᠷᠲᠡᠭ 1309 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠨᠡᠶᠢᠲᠡ 301. 7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠦᠶᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 240. 49 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠶᠯᠡᠳᠪᠦᠷᠢ ᠶᠢᠨ ᠠᠵᠤ ᠠᠬᠤᠶ ᠪᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠪᠠ᠃ ᠴᠠᠬᠢᠯᠭᠠᠨ ᠬᠦᠴᠦ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠦᠢᠯᠡᠳᠬᠦ᠂ ᠲᠡᠮᠦᠷᠯᠢᠭ ᠬᠠᠶᠢᠯᠤᠭᠤᠯᠬᠤ᠂ ᠲᠣᠨᠤᠭ ᠲᠥᠬᠦᠭᠡᠷᠦᠮᠵᠢ ᠦᠢᠯᠡᠳᠬᠦ ᠲᠠᠪᠤᠨ ᠶᠡᠭᠡ ᠭᠤᠣᠯᠯᠠᠬᠤ ᠠᠵᠤ ᠦᠢᠯᠡᠰ ᠲᠠᠰᠤᠷᠠᠯᠲᠠ ᠤᠢᠭᠡᠢ ᠪᠤᠵᠠᠭᠠᠶᠢᠷᠠᠵᠤ᠂ ᠪᠦᠬᠦ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠳᠤ ᠰᠢᠶᠳᠪᠦᠷᠢᠯᠡᠬᠦ ᠴᠢᠨᠠᠷᠲᠠᠶ ᠦᠢᠯᠡᠳᠦᠯ ᠦᠵᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠨᠢ ᠨᠢᠭᠡᠨᠲᠡ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠭᠤᠣᠯ ᠬᠥᠳᠡᠯᠭᠡᠭᠦᠷ ᠪᠣᠯᠤᠭᠰᠠᠨ ᠪᠠᠶᠢᠨ᠎ᠠ᠃
     ᠮᠠᠨ ᠤ ᠰᠢᠶᠠᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠣᠷᠴᠢᠯ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠤᠯᠤᠰ ᠤᠨ ᠣᠷᠴᠢᠯ ᠠᠵᠤ ᠠᠬᠤᠶ ᠶᠢᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠶᠯ ᠤᠨ ᠰᠢᠯᠭᠠᠨ ᠬᠤᠷᠢᠶᠠᠯᠲᠠ ᠶᠢ ᠤᠷᠤᠭᠰᠢᠲᠠᠶ ᠥᠩᠭᠡᠷᠡᠭᠦᠯᠪᠡ᠃ ᠭᠤᠣᠯᠯᠠᠭᠴᠢ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠣᠶᠢᠵᠢᠭᠤᠯᠵᠤ᠂ ᠠᠵᠤ ᠠᠬᠤᠢ  ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠨᠡᠭᠦᠷᠡᠰᠦ ᠴᠠᠬᠢᠯᠭᠠᠨ ᠦᠨᠡᠰᠦ ᠬᠦᠩᠭᠡᠨ ᠴᠠᠭᠠᠨ᠂ ᠠᠮᠢᠳᠤ ᠪᠣᠳᠠᠰ ᠤᠨ ᠡᠮ ᠦᠢᠯᠡᠳᠬᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ︾ ᠭᠤᠷᠪᠠᠨ ᠶᠡᠭᠡ ᠡᠷᠬᠢᠯᠳᠡᠳᠤ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠡᠯᠬᠢᠶ᠎ᠡ ᠪᠠᠶᠢᠭᠤᠯᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠪᠣᠬᠢᠷᠲᠤᠯ ᠦᠭᠡᠢ ᠪᠣᠯᠭᠠᠬᠤ᠂ ᠬᠡᠪᠴᠢᠶᠡᠵᠢᠭᠦᠯᠬᠦ᠂ ᠡᠷᠴᠢᠮᠵᠢᠭᠦᠯᠬᠦ ᠲᠡᠶᠢᠰᠢ ᠬᠥᠭᠵᠢᠭᠦᠯᠵᠦ᠂ ᠳᠡᠭᠡᠳᠦ ᠲᠤᠤᠷᠠᠳᠤ ᠤᠷᠤᠰᠬᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢ ᠲᠡᠭᠡᠭᠰᠢᠯᠡᠭᠦᠯᠪᠡ᠃ ᠶᠡᠷᠦᠩᠬᠡᠢ ᠪᠡᠯᠡ ᠣᠷᠣᠭᠤᠯᠤᠯᠲᠠ ᠨᠢ 11. 9 ᠳ᠋ᠦᠩᠰᠢᠭᠤᠷ ᠲᠥᠭᠦᠷᠢᠭ ᠤᠨ ᠨᠢᠭᠡ ᠪᠦᠯᠦᠭ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠵᠦᠢᠯᠡᠰ ᠢ ᠲᠦᠷᠭᠡᠯᠡᠨ ᠠᠬᠢᠭᠤᠯᠪᠠ᠃
     ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠳᠡᠭᠡᠳᠦ ᠲᠠᠰ ᠤᠨ ᠬᠢᠮᠢ ᠶᠢᠨ ᠠᠵᠤ ᠦᠶᠯᠡᠳᠪᠦᠷᠢ  ᠪᠠᠷ ᠭᠤᠤᠯᠳᠠᠯᠭ᠎ᠠ ᠪᠣᠯᠭᠠᠨ᠂ ᠰᠢᠨ᠎ᠡ ᠪᠠᠷ ᠪᠤᠶ ᠪᠣᠯᠤᠭᠰᠠᠨ ᠠᠵᠤ ᠦᠶᠯᠡᠰ ᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠪᠠ᠃ ᠣᠳᠣ ᠶᠠᠭ ᠪᠠᠶᠢᠭᠤᠯᠵᠤ ᠪᠠᠶᠢᠭ᠎ᠠ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠣᠷᠴᠢᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠪᠠᠷ ᠲᠣᠬᠢᠶᠠᠯ ᠪᠣᠯᠭᠠᠨ᠂ ᠰᠢᠨ᠎ᠡ ᠮᠠᠶ᠋ᠢᠭ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠬᠡᠪᠡᠷ ᠭᠦᠭᠵᠢᠭᠦᠯᠪᠡ᠃ ᠶᠡᠷᠦᠩᠬᠡᠶ ᠪᠠᠯᠠ ᠣᠷᠣᠭᠤᠯᠤᠯᠲᠠ ᠨᠢ 133 ᠳ᠋ᠦᠩᠰᠢᠭᠤᠷ ᠲᠥᠭᠦᠷᠢᠭ ᠲᠤ ᠬᠦᠷᠦᠭᠰᠡᠨ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠪᠠᠷ ᠦᠶᠯᠡᠳᠦᠭᠰᠡᠨ ᠡᠲ᠋ᠠ ᠬᠤᠶᠠᠷᠴᠢ ᠠᠯᠺᠣᠣᠯ ᠤᠨ ᠲᠥᠷᠥᠯ ᠵᠦᠶᠯ ᠶᠠᠭ ᠢᠲᠠ ᠬᠥᠭ  ᠲᠠᠢ ᠪᠥᠲᠥᠭᠡᠨ ᠪᠠᠶᠢᠭᠤᠯᠵᠤ ᠪᠠᠶᠢᠨ᠎ᠠ᠃ ᠤᠯᠠᠮᠵᠢᠯᠠᠯᠲᠤ ᠠᠮᠢᠳᠤ ᠪᠣᠳᠠᠰ ᠤᠨ ᠡᠮ ᠦᠶᠯᠡᠳᠬᠦ ᠦᠶᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ ᠲᠥᠯᠥᠭᠡ᠂ ᠶᠡᠷᠦᠩᠬᠡᠶ ᠪᠠᠯᠠ ᠣᠷᠣᠭᠤᠯᠤᠯᠲᠠ  ᠨᠢ 18 . 3 ᠳ᠋ᠦᠩᠰᠢᠭᠤᠷ ᠲᠥᠭᠦᠷᠢᠭ ᠲᠤ ᠬᠦᠷᠦᠭᠰᠡᠨ ᠶᠢᠨ ᠾᠧ ᠶᠢᠦ ᠪᠧᠨ ᠠᠮᠢᠲᠠᠨ ᠤ ᠸᠠᠺᠼᠢᠨ ᠤ ᠠᠮᠢᠳᠤ ᠪᠣᠳᠠᠰ ᠤᠨ ᠪᠦᠲᠦᠭᠡᠭᠳᠡᠬᠦᠨ ᠢ ᠤᠶᠤᠨᠴᠢᠯᠠᠨ ᠦᠶᠯᠡᠳᠬᠦ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠭᠤᠤᠯ ᠴᠣᠭᠴᠠ ᠶᠢᠨ ᠪᠠᠷᠢᠯᠭ᠎ᠠ ᠶᠢ ᠪᠦᠬᠦᠨ ᠢ ᠳᠠᠭᠤᠰᠬᠠᠪᠠ᠃ ᠢ ᠳ᠋ᠦᠸᠧ ᠯᠢ ᠠᠮᠢᠳᠤ ᠪᠣᠳᠠᠰ ᠤᠨ ᠬᠠᠲᠠᠭᠤ ᠪᠡᠶᠡᠲᠦ ᠢᠰᠬᠡᠭᠦᠷ ᠤᠨ ᠨᠠᠶᠢᠷᠠᠯᠲᠠ᠂ ᠬᠤᠸᠠ ᠲᠠᠩ ᠸᠧᠶ ᠶᠧ ᠣᠶᠤᠨᠴᠢ ᠪᠠᠷ ᠬᠥᠩᠭᠡᠨ ᠴᠠᠭᠠᠨ ᠦᠶᠯᠡᠳᠬᠦ ᠬᠦᠷᠳᠦ ᠶᠢᠨ ᠬᠦᠶᠰᠦ ᠶᠢᠨ ᠲᠥᠷᠥᠯ ᠵᠦᠶᠯ᠂ ᠥᠪᠥᠷ ᠮᠣᠩᠭᠤᠯ ᠾᠧᠪᠧᠶ ᠶᠢᠨ ᠴᠠᠬᠢᠯᠭᠠᠨ ᠬᠦᠴᠦᠨ ᠤ ᠠᠯᠲᠠᠨ ᠬᠡᠷᠡᠭᠰᠡᠯ ᠤᠨ ᠦᠶᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠵᠡᠷᠭᠡ  ᠶᠢᠨ ᠠᠵᠢᠯᠯᠠᠭᠠᠨ ᠢ ᠯᠠᠪᠳᠠᠭᠤᠨ ᠢᠶᠠᠷ ᠠᠬᠢᠭᠤᠯᠪᠠ᠃      ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠰᠢᠨ᠎ᠡ ᠬᠥᠳᠡᠯᠭᠡᠬᠦ ᠡᠨᠧᠷᠭᠢ ᠶᠢ ᠢᠳᠡᠪᠬᠢᠲᠡᠢ ᠪᠣᠶᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠰᠢᠨ᠎ᠡ ᠬᠢᠯᠠᠰ ᠴᠡᠭ ᠪᠤᠯᠪᠠ᠃ 7. 32 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠢ ᠱᠢ ᠶᠤᠸᠠᠨ ᠵᠢᠯ ᠳᠤ 22 ᠲᠦᠮᠡᠨ ᠲᠣᠨ ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠶᠢᠨ ᠡᠬᠢ ᠪᠠᠶᠠᠯᠢᠭ ᠢ ᠳᠠᠬᠢᠨ ᠠᠰᠢᠭᠯᠠᠵᠤ ᠠᠰᠢᠭᠯᠠᠬᠤ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠪᠡᠶᠡᠯᠡᠭᠦᠯᠪᠡ︔ ᠳ᠋ᠠ ᠲᠠᠩ ᠤᠨ ᠦᠨᠡᠰᠦ ᠬᠠᠳᠠᠭᠠᠯᠠᠬᠤ ᠲᠠᠯᠠᠪᠠᠶ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠯᠠᠪᠳᠠᠭᠤᠨ ᠢᠶᠠᠷ ᠠᠭᠢᠵᠤ ᠪᠣᠶ᠃ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠢᠨ ᠾᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠶᠢᠨ ᠬᠠᠶᠠᠭᠳᠠᠮᠠᠯ ᠤᠰᠤ ᠶᠢ ︽ᠭᠠᠳᠠᠭᠰᠢᠯᠠᠭᠤᠯᠬᠤ ᠥᠬᠡᠶ︾᠂ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠶ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠵᠤ᠂ ᠠᠵᠤ ᠦᠶᠯᠡᠳᠪᠦᠷᠢ ᠶᠢᠨ ᠬᠠᠶᠠᠭᠳᠠᠮᠠᠯ ᠬᠡᠶ ᠬᠠᠶᠠᠭᠳᠠᠮᠠᠯ ᠤᠰᠤ ᠶᠢ ᠴᠥᠮ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠪᠠ᠃      ᠮᠠᠨ ᠤ ᠰᠢᠶᠠᠨ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠵᠤ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠦᠶᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ︽ᠪᠠᠲᠤᠯᠠᠭ᠎ᠠ ᠶᠢᠨ ᠮᠥᠩᠭᠦ︾ ᠶᠢᠨ ᠵᠢᠭᠡᠯᠡᠯᠭᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠠᠯᠠ ᠳᠣᠭᠢᠷᠠᠭᠤᠯᠬᠤ ᠳᠤ ᠬᠦᠴᠢᠷᠲᠡᠶ ᠪᠠᠯᠠ ᠳᠣᠭᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ‌‍ᠰᠢᠢᠳᠪᠦᠷᠢᠯᠡᠪᠡ᠃ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ  ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠳᠡᠮᠵᠢᠵᠦ ᠪᠠᠶᠢᠭᠠᠳ ᠰᠤᠳᠤᠯᠤᠨ ᠨᠡᠭᠡᠭᠡᠬᠦ ᠲᠥᠪ ᠢ ᠨᠡᠶᠢᠳᠡᠮ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ  ᠶᠢ ᠡᠭᠦᠳᠬᠦ ᠴᠢᠳᠠᠪᠤᠷᠢ ᠶᠢ ᠲᠠᠰᠤᠷᠠᠯᠲᠠ ᠥᠬᠡᠶ ᠲᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠤᠬᠠᠶ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠡᠯ᠎ᠡ ᠵᠦᠢᠯ ᠤᠨ ᠱᠠᠩᠨᠠᠯ ᠤᠨ ᠪᠡᠯᠡ ᠮᠥᠩᠭᠦ ᠭᠤᠶᠤᠴᠢᠯᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠲᠡᠳᠭᠦᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1