︽ᠠᠷᠪᠠᠨ ᠭᠤᠷᠪᠠᠳᠤᠭᠠᠷ ᠲᠠᠪᠤᠨ ᠵᠢᠯ ︾ ᠤᠨ ᠡᠷᠬᠢᠴᠡᠭᠦᠯᠦᠯ — — ᠲᠠᠷᠢᠶᠠᠯᠠᠩ᠂ ᠬᠦᠳᠡᠭᠡ ᠲᠤᠰᠬᠤᠨ᠂ ᠲᠠᠷᠢᠶᠠᠴᠢᠨ
ᠨᠡᠶᠢᠲᠡᠯᠡᠭᠰᠡᠨ ᠴᠠᠭ᠄
2021/1/13
      ︽ᠠᠷᠪᠠᠨ ᠭᠤᠷᠪᠠᠳᠤᠭᠠᠷ ᠲᠠᠪᠤᠨ ᠵᠢᠯ  ︾   ᠤᠨ ᠬᠤᠭᠤᠴᠠᠭᠠᠨ ᠳᠤ᠂ ᠲᠣᠭᠲᠠᠬᠤ ᠰᠢᠶᠠᠨ ᠥᠷᠭᠡᠨ ᠤᠯᠠᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠬᠦᠰᠡᠯ ᠡᠷᠡᠮᠡᠯᠵᠡᠯ ᠪᠦᠬᠦᠢ ᠲᠠᠷᠢᠶᠠᠨ ᠭᠠᠵᠠᠷ ᠢ ᠭᠦᠨ ᠬᠠᠭᠠᠯᠪᠤᠷᠢᠯᠠᠵᠤ᠂ ᠨᠡᠩ ᠤᠯᠠᠨ ᠬᠥᠭᠵᠢᠯᠲᠡ ᠶᠢᠨ ᠴᠢᠬᠤᠯᠠ ᠡᠯᠧᠮᠧᠨ᠋ᠲ ᠢ ᠬᠥᠳᠡᠭᠡ ᠲᠣᠰᠬᠤᠨ ᠲᠡᠶᠢᠰᠢ ᠰᠢᠯᠵᠢᠭᠦᠯᠬᠦ ᠶᠢ ᠬᠦᠳᠦᠯᠦᠨ ᠵᠢᠯᠣᠭᠤᠳᠬᠤ ᠪᠠ ᠠᠬᠢᠭᠤᠯᠵᠤ᠂ ᠪᠦᠬᠦ ᠰᠢᠶᠠᠨ ᠢᠶᠠᠷ ᠢᠶᠠᠨ ᠬᠥᠳᠡᠭᠡ ᠠᠵᠤ ᠠᠬᠤᠢ ᠬᠦᠴᠦᠷᠬᠡᠭ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ ᠲᠠᠷᠢᠶᠠᠴᠢᠨ ᠪᠠᠶᠠᠵᠢᠬᠤ ᠶᠢ ᠪᠡᠶᠡᠯᠡᠭᠦᠯᠪᠡ᠃
     ᠲᠠᠷᠢᠶᠠᠯᠠᠩ ᠤᠨ ᠰᠠᠭᠤᠷᠢ ᠶᠢᠨ ᠶᠡᠷᠦᠩᠬᠡᠶ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠪᠠ᠃ ᠣᠲᠣ ᠪᠣᠯᠲᠠᠯ᠎ᠠ ᠂ ᠪᠥᠬᠦ ᠰᠢᠶᠠᠨ ᠤ ᠲᠠᠷᠢᠶᠠᠯᠠᠩ ᠤᠨ ᠶᠡᠷᠦᠩᠬᠡᠶ ᠳᠠᠷᠢᠬᠤ ᠲᠠᠯᠠᠪᠠᠶ 100. 46 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ 27 ᠲᠦᠮᠡᠨ ᠲᠣᠨ ᠳᠤ ᠬᠦᠷᠴᠡᠶ︔ ᠮᠠᠯ ᠵᠢᠭᠦᠷᠲᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠶᠯᠡᠰ ᠤᠨ ᠬᠢᠷᠢ ᠲᠦᠪᠰᠢᠨ ᠲᠠᠰᠤᠷᠠᠯᠲᠠ ᠥᠬᠡᠶ ᠪᠤᠵᠠᠭᠠᠶᠢᠷᠠᠵᠤ᠂ ᠲᠡᠵᠢᠭᠡᠵᠦ ᠪᠠᠶᠢᠭ᠎ᠠ ᠮᠠᠯ ᠤᠨ ᠶᠡᠷᠦᠩᠬᠡᠶ ᠲᠤᠭ᠎ᠠ 42 . 8 ᠲᠦᠮᠡ ᠳᠤ ᠬᠦᠷᠴᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ 122 ᠪᠣᠯᠵᠣ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠶ 6200 ᠮᠥ ᠳᠤ ᠬᠥᠷᠪᠡ᠃ ᠲᠠᠷᠢᠶᠠᠯᠠᠩ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠤᠯᠠᠮᠵᠢᠯᠠᠯᠲᠤ ᠠᠵᠤ ᠦᠢᠯᠡᠰ ᠢ ᠯᠠᠪᠳᠠᠭᠤᠨ ᠢᠶᠠᠷ ᠬᠥᠭᠵᠢᠭᠦᠯᠬᠦ ᠶᠢ ᠪᠠᠷᠢᠮᠲᠠᠯᠠᠨ᠂ ᠳᠠᠪᠠᠭᠤᠯᠢᠭ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠪᠣᠯᠤᠨ ᠶᠠᠰᠤ ᠴᠢᠨᠠᠷ ᠤᠨ ᠪᠦᠲᠦᠴᠡ ᠶᠢ ᠪᠦᠬᠦ ᠲᠠᠯ᠎ᠠ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠶ ᠪᠠᠲᠤᠯᠠᠨ᠂ ᠣᠨᠴᠠᠯᠢᠭᠲᠤ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠤ ᠬᠤᠪᠢ ᠶᠢᠨ ᠵᠢᠩ ᠢ ᠢᠯᠡᠷᠬᠡᠶ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢᠨ ᠥᠷᠲᠡᠭ ᠢ ᠲᠠᠰᠤᠷᠠᠯᠲᠠ ᠤᠢᠭᠡᠢ ᠨᠡᠮᠡᠭᠳᠡᠭᠦᠯᠦᠨ᠂ ᠲᠠᠷᠢᠶᠠᠯᠠᠩ ᠤᠨ ᠪᠣᠬᠢᠷᠲᠤᠯ ᠦᠭᠡᠶ ᠠᠮᠢ ᠠᠬᠤᠶ ᠶᠢᠨ ᠦᠷ᠎ᠡ ᠠᠰᠢᠭ ᠢ ᠠᠩᠬ᠎ᠠ ᠠᠯᠬᠤᠮ ᠢᠯᠡᠷᠡᠭᠦᠯᠵᠦ᠂ ︽ᠭᠠᠷᠤᠯᠲᠠ ᠶᠢᠨ ᠣᠷᠣᠨ  ᠤ ᠠᠮᠢ ᠠᠬᠤᠶ᠂ ᠦᠢᠯᠡᠳᠬᠦᠨ ᠤ ᠪᠣᠬᠢᠷᠲᠤᠯ ᠦᠭᠡᠶ᠂ ᠠᠵᠤ ᠦᠢᠯᠡᠰ ᠠᠭᠤᠰᠤᠯᠴᠠᠭᠰᠠᠨ᠂ ᠦᠢᠯᠡᠳᠪᠦᠷᠢᠯᠡᠵᠦ ᠭᠠᠷᠭᠠᠭᠰᠠᠨ ᠨᠢ ᠥᠨᠳᠥᠷ ᠦᠷ᠎ᠡ ᠪᠦᠲᠦᠮᠵᠢᠲᠡᠶ︾ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠤᠶ ᠪᠤᠯᠪᠠ᠃
     ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠰᠢᠰᠲ᠋ᠧᠮ ᠢ ᠤᠯᠠᠮ ᠲᠡᠭᠦᠯᠳᠡᠷᠵᠢᠭᠦᠯᠪᠡ᠃ ︽ᠤᠯᠤᠰ ᠠᠴᠠ ᠰᠢᠯᠢᠳᠡᠭ ᠡᠭᠦᠯᠳᠡᠷ ᠤᠨ ᠨᠥᠬᠦᠪᠥᠷᠢ ᠣᠯᠭᠤᠬᠤ ᠲᠥᠷᠥᠯ ᠵᠦᠢᠯ︾ ᠤᠨ ᠰᠠᠭᠠᠯᠢ ᠶᠢᠨ ᠦᠨᠢᠶᠡᠨ ᠤ 3. 17 ᠲᠦᠮᠡᠨ ᠢᠴᠡᠭᠡᠯ ᠦᠷ᠎ᠡ ᠶᠢ ᠬᠠᠮᠲᠤᠪᠠᠷ ᠡᠳ᠋ᠯᠡᠵᠦ᠂ 16 ᠲᠦᠮᠡᠨ ᠰᠠᠭᠠᠯᠢ ᠶᠢᠨ ᠦᠨᠢᠶ᠎ᠡ᠂ 75 ᠲᠦᠮᠡᠨ ᠬᠤᠨᠢ ᠶᠢ ᠡᠭᠦᠯᠳᠡᠷ ᠰᠠᠶᠢᠵᠢᠷᠠᠭᠤᠯᠪᠠ︔ ᠰᠠᠶᠢᠨ ᠡᠭᠦᠯᠳᠡᠷ ᠤᠨ ᠭᠠᠭ᠋ᠠᠶ 12 ᠲᠦᠮᠡ᠂ ᠰᠠᠶᠢᠨ ᠡᠭᠦᠯᠳᠡᠷ ᠤᠨ ᠠᠯᠠᠰᠢᠨ ᠲᠠᠬᠢᠶ᠎ᠠ 45 ᠲᠦᠮᠡ᠂ ᠰᠠᠶᠢᠨ ᠡᠭᠦᠯᠳᠡᠷ ᠤᠨ ᠥᠨᠳᠡᠭᠡᠨ ᠲᠠᠬᠢᠶ᠎ᠠ 105 ᠲᠦᠮᠡ ᠶᠢ ᠲᠡᠯᠭᠡᠷᠡᠭᠦᠯᠪᠡ᠃ ᠣᠲᠣ ᠪᠣᠯᠲᠠᠯ᠎ᠠ᠂ ᠪᠥᠬᠦ ᠰᠢᠶᠠᠨ ᠳᠤ ᠪᠣᠷᠳᠤᠭ᠎ᠠ ᠦᠶᠯᠡᠳᠪᠦᠷᠢᠯᠡᠬᠦ ᠠᠵᠤ ᠠᠬᠤᠶᠢᠯᠠᠯ 12᠂ ᠪᠣᠷᠳᠤᠭ᠎ᠠ ᠡᠵᠡᠩᠨᠡᠬᠦ ᠳᠡᠯᠭᠡᠭᠦᠷ 10᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠭᠠᠭ᠋ᠠᠶ᠂ ᠵᠢᠭᠦᠷᠲᠡᠨ ᠤ ᠲᠥᠷᠥᠯ ᠵᠡᠷᠭᠡ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ 122 ᠪᠣᠶ᠃ ︽ᠠᠷᠪᠠᠨ ᠭᠤᠷᠪᠠᠳᠤᠭᠠᠷ ᠲᠠᠪᠤᠨ ᠵᠢᠯ  ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠭᠠᠰᠤᠨ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠤᠷᠰᠢᠯᠲᠠ  ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠡᠶᠢᠲᠡ 3 ᠪᠠᠶᠢᠭᠤᠯᠵᠤ᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠶᠢ 1 ᠤᠯᠪᠠ᠃      ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠠᠮᠤ ᠪᠤᠳᠠᠭ᠎ᠠ ᠶᠢ ᠨᠠᠷᠢᠯᠢᠭ ᠪᠣᠯᠪᠠᠰᠤᠷᠠᠭᠤᠯᠬᠤ᠂ ᠡᠪᠡᠰᠦ ᠪᠣᠷᠳᠤᠭ᠎ᠠ ᠪᠣᠯᠪᠠᠰᠤᠷᠠᠭᠤᠯᠬᠤ᠂ ᠴᠠᠭᠠᠨ ᠢᠳᠡᠭᠡ ᠪᠣᠯᠪᠠᠰᠤᠷᠠᠭᠤᠯᠬᠤ᠂ ᠮᠠᠯ ᠵᠢᠭᠦᠷᠲᠡᠨ ᠪᠣᠯᠪᠠᠰᠤᠷᠠᠭᠤᠯᠬᠤ᠂ ᠵᠢᠮᠢᠰ ᠢᠳᠡᠰᠢᠨ ᠨᠣᠭᠤᠭ᠎ᠠ ᠪᠣᠯᠪᠠᠰᠤᠷᠠᠭᠤᠯᠬᠤ ᠵᠡᠷᠭᠡ ᠬᠡᠪᠴᠢᠶᠡᠵᠢᠭᠰᠡᠨ ᠠᠵᠤ ᠦᠶᠯᠡᠰ ᠤᠨ ᠬᠡᠯᠪᠡᠷᠢ ᠶᠢ ᠪᠦᠷᠢᠯᠳᠦᠭᠦᠯᠵᠦ᠂ ᠡᠷᠳᠡᠨᠢ ᠰᠢᠰᠢ ᠪᠣᠯᠪᠠᠰᠤᠷᠠᠭᠤᠯᠬᠤ ᠪᠠᠷ ᠲᠥᠯᠥᠭᠡᠯᠡᠭᠦᠯᠦᠭᠰᠡᠨ ᠤᠯᠤᠰ ᠤᠨ ᠲᠠᠰ ᠤᠨ ᠬᠥᠲᠥᠴᠢ ᠠᠵᠤ ᠠᠬᠤᠶᠢᠯᠠᠯ 5᠂ ᠬᠤᠲᠠ ᠶᠢᠨ ᠲᠠᠰ ᠤᠨ ᠬᠥᠲᠥᠴᠢ ᠠᠵᠤ ᠠᠬᠤᠶᠢᠯᠠᠯ 3 ᠪᠣᠶ᠃ 75 % ᠠᠴᠠ ᠳᠡᠭᠡᠭᠰᠢᠬᠢ ᠳᠠᠭᠠᠭᠤᠯᠤᠭᠴᠢ ᠠᠵᠤ ᠠᠬᠤᠶᠢᠯᠠᠯ ᠨᠢ ᠲᠠᠷᠢᠶᠠᠯᠠᠬᠤ ᠡᠷᠦᠬᠡ ᠯᠦᠭᠡ ᠠᠰᠢᠭ ᠲᠤᠰᠠ ᠪᠠᠨ ᠬᠤᠯᠪᠣᠬᠤ ᠲᠣᠭᠲᠠᠴᠠ ᠪᠠᠶᠢᠭᠤᠯᠵᠤ᠂ 5. 6 ᠲᠦᠮᠡᠨ ᠲᠠᠷᠢᠶᠠᠯᠠᠬᠤ ᠡᠷᠦᠬᠡ ᠶᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠴᠢᠯᠡᠨ ᠡᠵᠡᠩᠨᠡᠬᠦ ᠬᠡᠯᠬᠢᠶ᠎ᠡ ᠳᠤ ᠣᠷᠣᠭᠤᠯᠪᠠ᠃
     ᠣᠨᠴᠠᠯᠢᠭᠲᠤ ᠠᠵᠤ ᠦᠶᠯᠡᠰ ᠲᠠᠰᠤᠷᠠᠯᠲᠠ ᠦᠭᠡᠢ ᠪᠠᠶᠠᠯᠢᠭᠵᠢᠵᠤ ᠪᠠᠶᠢᠨ᠎ᠠ᠃ ᠤᠨᠴᠠᠯᠢᠭᠳᠤ ᠯᠠᠵᠤᠤ ᠳᠠᠷᠢᠬᠤ ᠲᠠᠯᠠᠪᠠᠶ 5000 ᠭᠠᠷᠤᠶ ᠮᠥ ᠳᠤ ᠬᠦᠷᠴᠦ᠂ ᠲᠣᠭᠲᠠᠬᠤ ᠰᠢᠶᠠᠨ ᠤ ᠯᠠᠵᠤᠤ ᠶᠢᠨ ᠤᠨᠴᠠᠯᠢᠭᠳᠤ ᠠᠵᠤ ᠦᠶᠯᠡᠰ ᠢ ᠪᠠᠬᠢᠵᠢᠭᠦᠯᠬᠦ ᠶᠢᠨ ᠬᠠᠮᠲᠤ ᠦᠵᠦᠮ᠂᠂ ᠵᠣᠷᠭᠤᠳᠠᠰᠤ᠂ ᠨᠣᠭᠤᠭᠠᠨ ᠪᠤᠷᠴᠠᠭ᠂ ᠤᠰᠤᠨ ᠲᠤᠲᠤᠷᠭ᠎ᠠ᠂ ᠠᠮᠲᠠᠲᠤ ᠲᠥᠮᠥᠰᠥ᠂ ᠬᠠᠲᠤᠨ ᠭᠤᠤᠯ ᠤᠨ ᠮᠥᠷᠭᠦ ᠵᠢᠭᠠᠰᠤ᠂ ᠡᠮᠦᠨᠡᠲᠦ ᠠᠮᠧᠷᠢᠺᠠ ᠴᠠᠭᠠᠨ ᠰᠠᠮ ᠬᠤᠷᠣᠬᠠᠶ᠂ ᠨᠠᠶᠮᠠᠯᠵᠢ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠵᠤ ᠪᠠᠶᠢᠭ᠎ᠠ ᠪᠤᠷᠴᠠᠭ ᠤᠨ ᠪᠦᠲᠦᠭᠡᠭᠳᠡᠬᠦᠨ᠂ ᠹᠧᠨᠲ᠋ᠢᠶᠤᠤᠷ᠂ ᠵᠢᠵᠢᠭ ᠠᠮᠤ᠂ ᠵᠢᠮᠢᠰ ᠨᠣᠭᠤᠭ᠎ᠠ ᠶᠢᠨ ᠪᠦᠲᠦᠭᠡᠭᠳᠡᠬᠦᠨ ᠵᠡᠷᠭᠡ ᠪᠠᠷ ᠲᠥᠯᠥᠭᠡᠯᠡᠭᠦᠯᠦᠭᠰᠡᠨ ᠤᠨᠴᠠᠯᠢᠭᠳᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠠᠶᠠᠯᠢᠭᠵᠢᠭᠤᠯᠤᠨ ᠥᠷᠭᠡᠳᠬᠡᠵᠦ᠂ ︽ᠬᠠᠪᠤᠷ ᠳᠡᠯᠭᠡᠷᠡᠭᠰᠡᠨ ᠲᠤᠭᠤᠷ ᠤᠨ ᠴᠡᠴᠡᠭ᠂ ᠵᠣᠨ ᠤ ᠤᠯᠠᠷᠢᠯ ᠳᠤ ᠦᠵᠦᠮ ᠵᠢᠮᠢᠰ ᠭᠠᠷᠳᠠᠭ᠂ ᠨᠠᠮᠤᠷ ᠬᠤᠷᠢᠶᠠᠭᠰᠠᠨ ᠬᠢᠲᠠᠳ ᠡᠪᠡᠰᠦᠨ ᠡᠮ᠂ ᠡᠪᠦᠯ ᠤᠨ ᠢᠳᠡᠭᠡᠨ ᠤ ᠠᠮᠢ ᠠᠬᠤᠶ ᠶᠢᠨ ᠮᠢᠬ᠎ᠠ︾   ᠶᠢᠨ ᠤᠨᠴᠠᠯᠢᠭᠳᠤ ᠠᠵᠤ ᠦᠶᠯᠡᠰ ᠪᠦᠷᠢᠯᠳᠦᠪᠡ᠃      ᠡᠵᠡᠩᠨᠡᠯᠲᠡ ᠶᠢᠨ ᠬᠡᠯᠪᠡᠷᠢ ᠲᠠᠰᠤᠷᠠᠯᠲᠠ ᠦᠭᠡᠢ ᠬᠤᠪᠢᠷᠠᠵᠤ ᠪᠠᠶᠢᠨ᠎ᠠ᠃ ᠨᠡᠶᠢᠲᠡ 32 . 5 ᠲᠦᠮᠡᠨ ᠮᠥ ᠭᠠᠵᠠᠷ ᠰᠢᠷᠣᠶ ᠶᠢ ᠬᠠᠤᠯᠢ ᠶᠣᠰᠣᠭᠠᠷ ᠵᠦᠶ ᠵᠣᠬᠢᠰᠲᠠᠶ ᠡᠷᠭᠢᠯᠲᠡ ᠳᠤ ᠣᠷᠣᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠨᠣᠷᠮ᠎ᠠ ᠶᠢ 90 %   ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠪᠡ︔ ᠬᠡᠷ ᠪᠦᠯᠢ ᠶᠢᠨ ᠡᠵᠡᠩᠨᠡᠯᠲᠡ᠂ ᠬᠤᠷᠰᠢᠭᠰᠠᠨ ᠡᠵᠡᠩᠨᠡᠯᠲᠡ᠂ ᠬᠠᠮᠲᠤ ᠶᠢᠨ ᠡᠵᠡᠩᠨᠡᠯᠲᠡ᠂ ᠠᠵᠤ ᠠᠬᠤᠶᠢᠯᠠᠯ ᠤᠨ ᠡᠵᠡᠩᠨᠡᠯᠲᠡ ᠵᠡᠷᠭᠡ ᠣᠯᠠᠨ ᠵᠦᠶᠯ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠠᠮᠲᠤ ᠪᠠᠷ ᠬᠥᠭᠵᠢᠭᠦᠯᠬᠦ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠣᠲᠣ ᠪᠣᠯᠲᠠᠯ᠎ᠠ᠂ ᠨᠡᠶᠢᠲᠡ 208 ᠲᠤᠰᠬᠠᠶ ᠬᠤᠷᠰᠢᠭᠰᠠᠨ ᠵᠣᠬᠢᠶᠠᠨ ᠪᠠᠶᠢᠭᠤᠯᠤᠯᠲᠠ᠂ 206 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠲᠠᠢ ᠪᠣᠯᠵᠠᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠥᠷᠥᠯ ᠵᠦᠶᠯ ᠤᠨ ᠵᠢᠱᠢᠶ᠎ᠡ ᠦᠵᠡᠭᠦᠯᠵᠦ  ᠠᠬᠢᠭᠤᠯᠪᠠ᠃ ᠲᠠᠷᠢᠶᠠᠯᠠᠩ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ ᠂ ᠡᠷᠬᠡ ᠶᠢ ᠨᠤᠲᠠᠯᠠᠨ ᠲᠣᠭᠲᠠᠭᠠᠬᠤ ᠠᠵᠢᠯ ᠳᠤ ᠨᠡᠶᠢᠲᠡ 96. 35 ᠲᠦᠮᠡᠨ ᠮᠥ ᠡᠷᠬᠡ ᠶᠢ ᠨᠤᠲᠠᠯᠠᠨ ᠲᠣᠭᠲᠠᠭᠠᠵᠤ ᠳᠡᠩᠰᠡᠯᠡᠨ᠂ 25 ᠲᠦᠮᠡᠨ ᠬᠡᠰᠡᠭ ᠭᠠᠵᠠᠷ ᠢ ᠬᠡᠮᠵᠢᠵᠦ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠢ 3. 62 ᠲᠦᠮᠡᠨ ᠬᠤᠪᠢ ᠣᠯᠭᠤᠪᠠ᠃ ᠪᠥᠬᠦ ᠰᠢᠶᠠᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠪᠥᠬᠦ ᠲᠠᠯ᠎ᠠ ᠪᠠᠷ ᠳᠠᠭᠤᠰᠴᠤ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠤᠭᠰᠠᠨ ᠲᠤᠭ᠎ᠠ ᠨᠡᠶᠢᠲᠡ 120945 . 96 ᠲᠦᠮᠡᠨ ᠲᠥᠭᠦᠷᠢᠭ ᠲᠤ ᠬᠦᠷᠴᠡᠶ᠃      ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠪᠡ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠡᠯ᠎ᠡ ᠵᠦᠶᠯ ᠤᠨ ᠠᠵᠢᠯ ᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠴᠠᠭ ᠦᠶ᠎ᠡ ᠶᠢᠨ ᠰᠢᠨ᠎ᠡ ᠰᠤᠷᠲᠠᠯ ᠢ ᠥᠷᠭᠡᠨ ᠢᠶᠠᠷ ᠤᠯᠠᠮᠵᠢᠯᠠᠪᠠ᠃ ᠲᠠᠷᠢᠶᠠᠴᠢᠳ ᠤᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠥᠳᠡᠭᠡ ᠲᠣᠰᠬᠤᠨ ᠤ ᠵᠣᠷᠯᠣᠩ ᠤᠨ ᠦᠭᠡᠷᠡᠴᠢᠯᠡᠯᠳᠡ ᠶᠢ ᠠᠬᠢᠭᠤᠯᠵᠤ᠂ ᠣᠷᠣᠰᠢᠨ ᠠᠮᠢᠳᠤᠷᠠᠬᠤ  ᠳᠤ ᠲᠣᠬᠢᠯᠢᠭ᠂ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ᠂ ᠲᠥᠬᠦᠭᠡᠷᠦᠮᠵᠢ ᠪᠦᠷᠢᠨ ᠲᠡᠭᠦᠯᠳᠡᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠠᠬᠢᠭᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1