︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠷᠭᠢᠴᠡᠭᠦᠯᠪᠡᠯ — —  ᠰᠤᠶᠤᠯ ᠵᠢᠭᠤᠯᠴᠢᠯᠠᠯ
ᠨᠡᠶᠢᠲᠡᠯᠡᠭᠰᠡᠨ ᠴᠠᠭ᠄
2021/1/13
      ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠰᠢᠶᠠᠨ ᠰᠣᠶᠣᠯ ᠤᠨ ᠲᠣᠮᠣ ᠰᠢᠶᠠᠨ᠂ ᠵᠢᠭᠤᠯᠴᠢᠯᠠᠯ ᠤᠨ ᠨᠡᠷᠡᠲᠦ ᠰᠢᠶᠠᠨ ᠢ ᠪᠦᠲᠦᠭᠡᠨ ᠪᠠᠶᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠰᠡᠯᠡᠭᠦᠴᠡᠯ ᠵᠢᠭᠤᠯᠴᠢᠯᠠᠯ ᠤᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠠᠲᠤᠨ ᠭᠤᠣᠯ ᠳᠠᠭᠠᠤ ᠶᠢᠨ ᠵᠢᠭᠤᠯᠴᠢᠯᠠᠯ ᠤᠨ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠪᠠ ᠰᠣᠶᠣᠯ ᠤᠨ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠰᠣᠶᠣᠯ ᠤᠨ ᠵᠢᠭᠤᠯᠴᠢᠯᠠᠯ ᠤᠨ ᠦᠢᠯᠡᠳᠬᠦᠨ ᠤ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠵᠤ᠂ ᠪᠦᠬᠦ ᠰᠢᠶᠠᠨ ᠤ ᠰᠣᠶᠣᠯ ᠵᠢᠭᠤᠯᠴᠢᠯᠠᠯ ᠤᠨ ᠦᠢᠯᠡᠰ ᠰᠢᠨ᠎ᠡ ᠳᠡᠭᠲᠡᠷ ᠲᠤ ᠭᠠᠷᠪᠠ᠃
     ᠲᠠᠪᠤᠨ ᠵᠢᠯ ᠤᠨ ᠲᠤᠷᠰᠢ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠤᠨ ᠦᠶᠯᠡᠰ ᠤᠨ ᠬᠥᠭᠵᠢᠯᠲᠡ  ᠳᠤ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ  ᠶᠢ ᠲᠣᠳᠣᠷᠬᠠᠶᠢᠯᠠᠵᠤ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠨᠡᠮᠡᠭᠳᠡᠭᠦᠯᠪᠡ᠃ ᠪᠥᠬᠦ ᠰᠢᠶᠠᠨ ᠤ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 9.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠢ ᠬᠠᠮᠤᠷᠤᠭᠰᠠᠨ᠂ ᠬᠤᠲᠠ ᠪᠠᠯᠭᠠᠰᠤ ᠶᠢ ᠲᠤᠯᠭᠠᠭᠤᠷᠢᠯᠠᠭᠰᠠᠨ᠂ ᠳᠥᠭᠦᠮ ᠳᠥᠲᠡ ᠨᠡᠪᠲᠡᠷᠡᠬᠦ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾᠂ ︽ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ︾᠂ ᠬᠤᠤ ᠵᠢᠶᠠ ᠶᠣᠣ ᠲᠣᠰᠬᠤᠨ ᠪᠠ ᠬᠠᠳᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠴᠡᠭ ᠪᠣᠯᠬᠤ ᠾᠧ ᠺᠸᠤ᠂ ᠭᠦ᠋ ᠵᠧᠨ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠴᠤᠭᠯᠠᠷᠠᠯ ᠤᠨ ᠳᠠᠪᠠᠭᠤᠯᠢᠭ ᠢᠶᠠᠷ᠂ ᠵᠤᠭᠠᠴᠠᠭᠰᠠᠳ ᠤᠨ ᠬᠠᠷᠢᠯᠴᠠᠨ ᠬᠥᠳᠡᠯᠦᠯᠴᠡᠬᠦ ᠴᠢᠨᠠᠷ ᠪᠠ ᠪᠡᠶᠡᠴᠢᠯᠡᠨ ᠣᠶᠢᠯᠠᠭᠠᠬᠤ ᠴᠢᠨᠠᠷ ᠪᠦᠬᠦᠢ ︽ᠦᠵᠦᠮ ᠤᠨ ᠵᠢᠶᠠᠰᠠ ᠶᠢᠨ ᠳᠣᠣᠷᠠᠬᠢ ᠲᠠᠷᠢᠶᠠᠴᠢᠨ ᠠᠶᠢᠯ ᠤᠨ ᠵᠤᠭᠠᠴᠠᠯ︾᠂ ︽ᠬᠠᠳᠤᠨ ᠭᠤᠣᠯ ᠤᠨ ᠬᠥᠪᠡᠭᠡᠨ ᠳᠠᠬᠢ ᠲᠠᠷᠢᠶᠠᠴᠢᠨ ᠠᠶᠢᠯ ᠤᠨ ᠬᠦᠷᠢᠶᠡᠯᠡᠩ︾᠂  ︽ᠡᠷᠲᠡᠨ ᠤ ᠬᠤᠳᠠ ᠶᠢᠨ ᠬᠤᠷᠮᠣᠢ ᠳᠠᠬᠢ ᠤᠨᠴᠠᠯᠢᠬᠳᠤ ᠠᠷᠠᠳ ᠤᠨ ᠪᠠᠭᠤᠳᠠᠯ︾ ᠵᠡᠷᠭᠡ ᠤᠨᠴᠠᠯᠢᠬᠳᠤ ᠬᠥᠳᠡᠭᠡ ᠲᠣᠰᠬᠤᠨ ᠤ ᠰᠡᠯᠡᠭᠦᠴᠡᠯ ᠤᠨ ᠵᠤᠭᠠᠴᠠᠯ ᠤᠨ ᠲᠦᠷᠦᠯ ᠵᠦᠢᠯ ᠢ ᠨᠢᠮᠪᠠᠢ ᠴᠣᠭᠴᠠᠯᠠᠵᠤ᠂ ︽ᠬᠠᠳᠤᠨ ᠭᠤᠣᠯ ᠤᠨ ᠠᠶᠢᠯ︾   ᠤᠨ ᠬᠥᠳᠡᠭᠡ ᠲᠣᠰᠬᠤᠨ ᠤ ᠵᠤᠭᠠᠴᠠᠯ ᠤᠨ ᠤᠨᠴᠠᠯᠢᠬᠳᠤ ᠲᠦᠷᠦᠯ ᠲᠡᠮᠳᠡᠭ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠤᠳᠤ ᠨᠢᠭᠡᠨᠲᠡ 24 ᠤᠳᠤᠨ ᠲᠡᠰ ᠤᠨ ᠲᠠᠷᠢᠶᠠᠴᠢᠨ ᠠᠶᠢᠯ ᠤᠨ ᠵᠤᠭᠠᠴᠠᠯ ᠤᠨ ᠤᠷᠤᠨ ᠲᠠᠢ᠂ ︽ᠵᠢᠭᠤᠯᠴᠢᠯᠠᠯ ᠤᠨ ᠵᠣᠷᠯᠣᠩ ᠤᠨ ᠦᠭᠡᠷᠡᠴᠢᠯᠡᠯᠳᠡ︾   ᠢ ᠭᠦᠨᠵᠡᠭᠡᠶ ᠬᠡᠷᠡᠭᠵᠢᠭᠦᠯᠵᠦ ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠤᠭᠠᠴᠠᠭᠰᠠᠳ ᠢ ᠲᠥᠪᠯᠡᠷᠡᠭᠦᠯᠵᠦ ᠲᠠᠷᠬᠠᠭᠠᠬᠤ ᠴᠡᠭ᠂ ᠰᠣᠶᠣᠯ ᠵᠢᠭᠤᠯᠴᠢᠯᠠᠯ ᠤᠨ ᠣᠷᠣᠨ ᠳᠠᠭᠠᠤ 93 A ᠲᠠᠰ ᠤᠨ ᠵᠢᠭᠤᠯᠴᠢᠯᠠᠯ ᠤᠨ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠵᠤ᠂ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ᠃ ᠬᠠᠲᠤᠨ ᠭᠤᠤᠯ ᠤᠨ ᠨᠤᠭᠤ ᠭᠠᠵᠠᠷ ᠤᠨ ᠦᠵᠡᠮᠵᠢ ᠶᠢ ᠰᠡᠳᠬᠢᠯ ᠳᠡᠯᠪᠢᠨ ᠴᠣᠭᠴᠠᠯᠠᠵᠤ ᠂ ᠵᠠᠮ ᠳᠠᠭᠠᠤ ᠶᠢᠨ ᠠᠭᠤᠯᠠᠨ ᠬᠢᠷ᠎ᠠ ᠳᠤ ᠴᠡᠴᠡᠭ ᠵᠢᠮᠢᠰ ᠤᠨ ᠠᠵᠤ ᠠᠬᠤᠶ ᠶᠢᠨ ᠣᠶ ᠪᠠ ᠦᠵᠡᠮᠵᠢ ᠶᠢᠨ ᠣᠶ ᠵᠢᠴᠢ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ 5. 9 ᠲᠦᠮᠡᠨ ᠮᠥ ᠨᠣᠭᠤᠭᠠᠷᠠᠭᠤᠯᠵᠤ᠂ ᠠᠮᠢ ᠠᠬᠤᠶ  ᠶᠢᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃  
     ︽ᠮᠢᠩᠭᠠᠨ ᠣᠨ ᠤ ᠶᠦᠨ ᠵᠦᠩ᠂ ᠷᠢᠳᠢ ᠰᠢᠳᠢ ᠲᠠᠢ ᠲᠣᠭᠲᠠᠬᠤ︾ ᠳᠦᠷᠢ ᠲᠥᠷᠬᠦ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠨᠢᠭᠡ ᠡᠳᠦᠷ ᠤᠨ ᠵᠢᠭᠤᠯᠴᠢᠯᠠᠯ︾᠂  ︽ᠬᠤᠶᠠᠷ ᠡᠳᠦᠷ ᠤᠨ ᠵᠢᠭᠤᠯᠴᠢᠯᠠᠯ︾   ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠡᠯᠡᠰᠦᠨ ᠴᠥᠯ ᠤᠨ ᠬᠠᠲᠤᠨ ᠭᠤᠤᠯ ᠤᠨ ᠵᠢᠭᠤᠯᠴᠢᠯᠠᠯ᠂ ᠰᠦᠮ᠎ᠡ ᠬᠡᠶᠢᠳ ᠤᠨ ᠰᠣᠶᠣᠯ ᠤᠨ ᠵᠢᠭᠤᠯᠴᠢᠯᠠᠯ᠂ ᠬᠤᠪᠢᠰᠬᠠᠯ ᠤᠨ ᠭᠤᠤᠯ ᠰᠡᠳᠦᠪᠲᠦ ᠵᠢᠭᠤᠯᠴᠢᠯᠠᠯ᠂ ᠬᠥᠳᠡᠭᠡ ᠠᠶᠢᠯ ᠤᠨ ᠰᠡᠯᠡᠭᠦᠴᠡᠯ ᠵᠢᠭᠤᠯᠴᠢᠯᠠᠯ᠂ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠤᠳᠤᠮᠯᠠᠯ ᠤᠨ ᠪᠤᠰᠤ ᠵᠢᠭᠤᠯᠴᠢᠯᠠᠯ ᠤᠨ ᠤᠯᠠᠮᠵᠢᠯᠠᠯ᠂ ᠾᠧ ᠺᠸᠤ ᠬᠦ᠋ ᠵᠧᠨ ᠮᠥᠰᠥ ᠴᠠᠰᠤᠨ ᠤ ᠵᠢᠭᠤᠯᠴᠢᠯᠠᠯ ᠵᠡᠷᠭᠡ 7 ᠶᠡᠭᠡ ᠲᠥᠷᠥᠯ ᠤᠨ ᠵᠢᠭᠤᠯᠴᠢᠯᠠᠯ ᠤᠨ ᠣᠨᠴᠠᠯᠢᠭᠲᠤ ᠵᠠᠮ ᠱᠤᠭᠤᠮ ᠢ ᠭᠠᠷᠭᠠᠪᠠ᠃ ᠪᠠᠶᠠᠷ ᠳᠤᠷᠠᠰᠬᠠᠯ ᠤᠨ ᠡᠳᠦᠷ ᠤᠨ ᠵᠢᠭᠤᠯᠴᠢᠯᠠᠯ᠂ ︽ᠲᠣᠭᠲᠠᠬᠤ ᠬᠠᠲᠤᠨ ᠭᠤᠤᠯ ᠤᠨ ᠭᠤᠤᠯ ᠡᠬᠢᠯᠡᠬᠦ ᠵᠢᠭᠠᠰᠤᠨ ᠨᠠᠶᠢᠷ︾᠂ ︽ᠲᠣᠭᠲᠠᠬᠤ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠨᠠᠶᠢᠷ︾᠂ ︽ᠲᠣᠭᠲᠠᠬᠤ ᠦᠵᠦᠮ ᠤᠨ ᠨᠠᠶᠢᠷ︾᠂ ︽ᠬᠠᠲᠤᠨ ᠭᠤᠤᠯ ᠤᠨ ᠯᠤᠤᠲᠤ ᠣᠩᠭᠤᠴᠠᠨ ᠤ ᠤᠷᠤᠯᠳᠤᠭᠠᠨ︾ ᠵᠡᠷᠭᠡ ᠠᠵᠢᠯᠯᠠᠭ᠎ᠠ ᠶᠢ ᠶᠡᠬᠡᠪᠡᠷ ᠥᠷᠨᠢᠭᠦᠯᠵᠦ ᠂ ᠲᠣᠭᠲᠠᠬᠤ ᠶᠢᠨ ᠨᠡᠷ᠎ᠡ ᠠᠯᠳᠠᠷᠰᠢᠯ ᠢ ᠶᠡᠬᠡᠪᠡᠷ ᠳᠡᠭᠡᠭᠰᠢᠯᠡᠭᠦᠯᠪᠡ᠃ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ᠂ ᠬᠠᠳᠤᠨ ᠭᠤᠣᠯ ᠳᠠᠭᠠᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠪᠠ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ  ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠠᠭᠠᠯᠠᠵᠤ ᠤᠯᠠᠮᠵᠢᠯᠠᠬᠤ ᠡᠷᠴᠢᠮ ᠢᠶᠠᠨ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠦᠶᠯᠡᠰ 6᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠦᠶᠯᠡᠰ 20᠂ ᠰᠢᠶᠠᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠦᠶᠯᠡᠰ 3 ᠪᠠᠶᠢᠵᠤ᠂ 6 ᠬᠥᠮᠦᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠪᠠᠷ ᠵᠢᠭᠰᠠᠭᠠᠭᠳᠠᠵᠤ᠂ 17 ᠬᠥᠮᠦᠨ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ  ᠶᠢᠨ ᠤᠯᠠᠮᠵᠢᠯᠠᠨ ᠵᠠᠯᠭᠠᠮᠵᠢᠯᠠᠭᠴᠢ ᠪᠠᠷ ᠵᠢᠭᠰᠠᠭᠠᠭᠳᠠᠵᠠᠶ᠃ ᠪᠥᠬᠦ ᠰᠢᠶᠠᠨ ᠳᠤ ᠤᠳᠤᠮᠯᠠᠯ ᠤᠨ ᠪᠤᠰᠤ ᠪᠣᠯᠪᠠᠰᠤᠷᠠᠯ  ᠤᠨ ᠲᠠᠯᠠᠪᠤᠷ ᠭᠠᠵᠠᠷ 4᠂ ᠤᠯᠠᠮᠵᠢᠯᠠᠨ ᠰᠤᠷᠭᠠᠬᠤ ᠰᠠᠭᠤᠷᠢᠨ ᠭᠠᠵᠠᠷ 3   ᠶᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ︽ᠬᠤᠣᠰ ᠬᠡᠷᠡᠮᠲᠦ ᠶᠠᠩᠭᠠᠷ ᠬᠤᠯᠤᠰᠤ ᠮᠣᠷᠢ ᠯᠣᠣ ᠬᠠᠨ ᠸᠠᠩ ᠪᠡᠭᠡᠵᠢᠩ ᠳᠤ ᠤᠷᠤᠭᠰᠠᠨ ᠨᠢ︾ ᠨᠢ ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠱᠧ ᠾᠦᠸᠧ ᠤᠷᠠᠯᠢᠭ ᠤᠨ ᠨᠠᠶᠢᠷ︾ ᠤᠨ ᠠᠯᠳᠠᠨ ᠱᠠᠩᠨᠠᠯ ᠢ ᠬᠦᠷᠳᠡᠪᠡ︔ ᠲᠣᠭᠲᠠᠬᠤ  ᠶᠢᠨ ᠤᠶᠠᠩᠭᠠᠯᠠᠭᠰᠠᠨ ︽ᠪᠠᠷᠠᠭᠤᠨ ᠬᠠᠭᠠᠯᠭ᠎ᠠ  ︾ ᠳᠠᠭᠤᠤ ᠨᠢ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠬᠠᠮᠤᠭ ᠤᠨ ᠳᠡᠭᠡᠳᠦ ᠱᠠᠩᠨᠠᠯ ᠪᠣᠯᠬᠤ ᠠᠭᠤᠯᠠᠨ ᠴᠡᠴᠡᠭᠲᠦ ᠱᠠᠩᠨᠠᠯ ᠢ ᠠᠮᠵᠢᠯᠲᠠ ᠲᠠᠢ ᠪᠠᠷ ᠭᠥᠷᠳᠡᠪᠡ
     ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠡᠯᠪᠡᠭ ᠳᠡᠯᠪᠡᠭ ᠦᠷ᠎ᠡ ᠪᠦᠲᠦᠭᠡᠯ ᠤᠯᠪᠠ᠃  ︽ᠵᠢᠶᠦ᠋ᠨ ᠽᠢ ᠶᠢᠨ︾᠂ ︽ᠯᠢᠦ ᠲᠦᠩ ᠰᠢᠶᠦ᠋ᠨ ᠾᠧ ᠺᠸᠤ ᠪᠠᠯᠭᠠᠰᠤ ᠪᠠᠷ ᠰᠤᠷᠪᠤᠯᠵᠢᠯᠠᠭᠰᠠᠨ ᠨᠢ︾᠂ ᠳᠠᠭᠤᠤ ︽ᠴᠣᠩᠬᠤ ᠬᠠᠶᠢᠴᠢᠯᠠᠭᠰᠠᠨ ᠴᠡᠴᠡᠭ︾᠂ ︽ᠡᠭᠦᠷᠢᠳᠡ ᠶᠢᠨ ᠬᠤᠷᠭᠤᠳᠠᠯ︾᠂ ︽ᠤᠯᠠᠭᠠᠨ ᠯᠠᠵᠤᠤ︾᠂ ᠪᠥᠵᠢᠭ ︽ᠨᠤᠲᠤᠭ ᠤᠨ ᠭᠤᠣᠯ︾᠂ ︽ᠬᠤᠨ ᠭᠠᠯᠠᠭᠤ ᠨᠤᠲᠤᠭ ᠢᠶᠠᠨ ᠰᠠᠨᠠᠪᠠ︾᠂ ᠱᠤᠭ ᠵᠦᠴᠦᠭᠡ ︽ᠭᠡᠷ ᠲᠡᠭᠡᠨ ᠬᠠᠷᠢᠶ᠎ᠠ ︾ ᠵᠡᠷᠭᠡ ᠪᠦᠲᠦᠭᠡᠯ ᠨᠢ ᠬᠥᠬᠡᠬᠤᠲᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾ ᠢ ᠬᠦᠷᠳᠡᠪᠡ︔ ︽ᠤᠯᠠᠭᠠᠨ ᠯᠠᠵᠤᠤ︾ ᠭᠡᠬᠦ ᠳᠠᠭᠤᠤ ᠨᠢ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾ ᠢ ᠭᠥᠷᠳᠡᠪᠡ︔ ᠰᠢᠨ᠎ᠡ ᠪᠠᠷ ᠨᠠᠶᠢᠷᠠᠭᠤᠯᠤᠭᠰᠠᠨ ᠲᠡᠦᠬᠡᠲᠦ ᠵᠦᠴᠦᠭᠡ ︽ᠯᠢᠦ ᠲᠦᠩ ᠰᠢᠶᠦ᠋ᠨ ᠾᠧᠺᠸᠤ ᠪᠠᠯᠭᠠᠰᠤ  ᠪᠠᠷ ᠨᠢᠭᠤᠴᠠ ᠪᠠᠷ ᠰᠤᠷᠪᠤᠯᠵᠢᠯᠠᠭᠰᠠᠨ ᠨᠢ︾ ᠨᠢ ᠪᠥᠬᠦ ᠣᠷᠣᠨ ᠤ ︽ᠨᠠᠷᠠᠨᠬᠤᠸᠠᠷ︾ ᠰᠢ ᠵᠦᠴᠦᠭᠡ ᠶᠢᠨ ᠨᠠᠶᠢᠷ  ᠲᠤ᠂ ᠰᠢᠯᠢᠳᠡᠭ ᠵᠦᠴᠦᠭᠡ ᠶᠢᠨ ᠲᠥᠷᠥᠯ ᠤᠨ ᠱᠠᠩᠨᠠᠯ ᠢ ᠬᠠᠮᠤᠷᠤᠭᠰᠠᠨ 9 ᠲᠥᠷᠥᠯ ᠤᠨ ᠲᠣᠮᠣ ᠱᠠᠩᠨᠠᠯ ᠭᠥᠷᠳᠡᠵᠡᠶ᠃ ᠣᠲᠣ ᠦᠶ᠎ᠡ ᠶᠢᠨ ᠵᠢᠵᠢᠭ ᠵᠦᠴᠦᠭᠡ ︽ᠬᠡᠷᠡᠮ ᠤᠨ ᠲᠠᠰᠤᠯᠤᠪᠴᠢ︾ ᠨᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠰᠢ ᠲᠠᠭᠤᠤᠷᠢᠯᠢᠭ ᠢ ᠬᠥᠳᠡᠭᠡ ᠲᠣᠰᠬᠤᠨ ᠳᠤ ᠣᠷᠣᠭᠤᠯᠤᠭᠰᠠᠨ ᠵᠦᠴᠦᠭᠡ ︵ᠫᠷᠤᠭ᠍ᠷᠠᠮ︶   ᠶᠢᠨ ᠲᠠᠨᠢᠯᠴᠠᠭᠤᠯᠬᠤ ᠭᠠᠷᠴᠠᠭ ᠲᠤ ᠣᠷᠣᠪᠠ᠃ ᠱᠸᠡᠨ ᠴᠢᠦᠸᠠᠨ ᠠᠮᠢ ᠠᠬᠤᠶ ᠶᠢᠨ ᠵᠢᠭᠤᠯᠴᠢᠯᠠᠯ  ᠤᠨ ᠦᠵᠡᠮᠵᠢ ᠶᠢᠨ ᠣᠷᠣᠨ ᠤ ᠵᠣᠬᠢᠶᠠᠨ ᠪᠦᠲᠦᠭᠡᠭᠰᠡᠨ ᠲᠣᠮᠣ ᠬᠡᠯᠪᠡᠷᠢ ᠶᠢᠨ ᠮᠣᠷᠢᠨ ᠮᠡᠷᠭᠡᠵᠢᠯ ᠤᠨ ᠪᠣᠳᠠᠲᠤ ᠦᠵᠡᠭᠳᠡᠯᠲᠦ ᠵᠦᠴᠦᠭᠡ ︽ᠥᠨᠢ ᠮᠥᠩᠬᠡ ᠶᠢᠨ ᠴᠢᠩᠭᠢᠰ ᠬᠠᠭᠠᠨ︾ ︽ᠭᠤᠷᠪᠠᠨ ᠪᠠᠭᠠᠲᠤᠷ ᠯᠢᠦᠶ ᠪᠦ᠋ ᠲᠠᠢ ᠪᠠᠶᠢᠯᠳᠤᠭᠰᠠᠨ ᠨᠢ︾ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠮᠠᠭᠲᠠᠭᠠᠯ ᠰᠠᠶᠢᠰᠢᠶᠠᠯ ᠢ ᠤᠯᠪᠠ᠃
     ᠰᠣᠶᠣᠯ ᠢᠶᠠᠷ ᠵᠢᠭᠤᠯᠴᠢᠯᠠᠯ ᠢ ᠳᠡᠭᠡᠭᠰᠢᠯᠡᠭᠦᠯᠵᠦ᠂ ᠵᠢᠭᠤᠯᠴᠢᠯᠠᠯ ᠢᠶᠠᠷ ᠰᠣᠶᠣᠯ ᠢ ᠤᠯᠠᠮᠵᠢᠯᠠᠵᠤ᠂ ᠰᠣᠶᠣᠯ ᠬᠢᠭᠡᠳ ᠵᠢᠭᠤᠯᠴᠢᠯᠠᠯ ᠢᠶᠠᠷ ᠨᠡᠶᠢᠯᠡᠮᠡᠯ ᠦᠶᠯᠡᠳᠦᠯ ᠢ ᠢᠯᠡᠷᠡᠭᠦᠯᠦᠨ᠎ᠡ᠃ ᠲᠠᠪᠤᠨ ᠵᠢᠯ ᠤᠨ ᠲᠤᠷᠰᠢ ᠮᠠᠨ ᠤ ᠰᠢᠶᠠᠨ ᠨᠡᠶᠢᠲᠡ 430. 1 ᠲᠦᠮᠡᠨ ᠵᠤᠭᠠᠴᠠᠭᠰᠠᠳ ᠢ ᠬᠦᠯᠢᠶᠡᠨ ᠠᠪᠤᠪᠠ︔ ᠵᠢᠭᠤᠯᠴᠢᠯᠠᠯ ᠤᠨ ᠣᠷᠣᠯᠭ᠎ᠠ 2016 ᠣᠨ  ᠳᠤ 8320 ᠲᠦᠮᠡᠨ ᠲᠥᠭᠦᠷᠢᠭ ᠪᠠᠶᠢᠭᠰᠠᠨ ᠠᠴᠠ ᠪᠠᠨ 2020 ᠣᠨ ᠪᠣᠯᠬᠤ ᠳᠤ 10792 ᠲᠦᠮᠡᠨ ᠲᠥᠭᠦᠷᠢᠭ ᠨᠡᠮᠡᠭᠳᠡᠵᠦ᠂ ᠣᠷᠣᠯᠭ᠎ᠠ ᠨᠢ ᠨᠡᠶᠢᠲᠡ 4. 93 ᠳ᠋ᠦᠩᠰᠢᠭᠤᠷ ᠲᠥᠭᠦᠷᠢᠭ ᠲᠤ ᠬᠦᠷᠴᠡᠶ᠃ ᠲᠠᠷᠢᠶᠠᠴᠢᠨ ᠡᠷᠦᠬᠡ ᠶᠢ ᠳᠠᠶᠢᠴᠢᠯᠠᠨ ᠬᠥᠮᠦᠨ ᠳᠤᠮᠳᠠᠴᠢ ᠶᠢᠨ ᠣᠷᠣᠯᠭ᠎ᠠ ᠶᠢ ᠵᠢᠯ ᠪᠦᠷᠢ 26500 ᠲᠥᠭᠦᠷᠢᠭ ᠲᠤ ᠬᠦᠷᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1