ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/14
       1 ᠳ᠋ᠤᠭᠡᠷ ᠰᠠᠷ᠎ᠠ ᠶᠢᠨ 11   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 219 ᠳ᠋ᠦ᠋ᠭᠡᠷ ᠬᠤᠷᠠᠯ ᠵᠢᠴᠢ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠬᠤᠷᠠᠯ ᠬᠤᠷᠠᠯᠳᠤᠪᠠ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠭᠤᠤᠯᠳᠠᠯᠭ᠎ᠠ ᠲᠠᠢ ᠬᠥᠮᠦᠰ ᠲᠤ ᠡᠯᠧᠺᠲᠷᠣᠨ ᠺᠣᠳ᠋ ᠰᠢᠷᠪᠢᠬᠦ ᠲᠥᠬᠦᠭᠡᠷᠦᠮᠵᠢ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾᠂ ︽ᠬᠥᠬᠡᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠂ ︽ᠾᠧᠪᠧᠶ ᠮᠤᠵᠢ ᠳᠤ ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠮᠠᠨ ᠤ ᠬᠤᠲᠠ ᠳᠤ ᠣᠷᠣᠵᠤ ᠢᠷᠡᠭᠰᠡᠨ ᠬᠠᠮᠢᠶ᠎ᠠ ᠪᠥᠬᠦᠶ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠢ ᠤᠯᠠᠮᠵᠢᠯᠠᠵᠦ᠂ ᠮᠠᠨ ᠤ ᠰᠢᠶᠠᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠤᠤᠯᠳᠠᠯᠭ᠎ᠠ  ᠲᠠᠢ ᠠᠵᠢᠯ ᠲᠤᠬᠢᠷᠠᠭᠤᠯᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ᠂ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ  ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠳᠠᠷᠤᠯᠲᠠ ᠢᠯᠡᠳᠲᠡ ᠨᠡᠮᠡᠭᠳᠡᠵᠦ᠂ ᠢᠯᠠᠩᠭᠤᠶ᠎ᠠ ᠴᠠᠭᠠᠨ ᠰᠠᠷ᠎ᠠ ᠣᠶᠢᠷᠠᠳᠴᠤ᠂ ᠶᠡᠭᠡ ᠬᠡᠮᠵᠢᠶᠡᠨ ᠤ ᠬᠥᠮᠦᠰ ᠨᠤᠲᠤᠭ ᠲᠠᠭᠠᠨ ᠪᠤᠴᠠᠵᠤ᠂ ᠰᠡᠷᠭᠡᠶᠢᠯᠡᠨ ᠡᠵᠡᠮᠳᠡᠬᠦ ᠳᠠᠷᠤᠯᠲᠠ ᠨᠡᠮᠡᠭᠳᠡᠵᠦ᠂ ︽ᠬᠥᠮᠦᠨ︾ ︽ᠪᠣᠳᠠᠰ︾ ᠢ ᠬᠠᠮᠲᠤ ᠳᠤᠨᠢ ᠰᠡᠷᠭᠡᠶᠢᠯᠡᠬᠦ ᠨᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠵᠠᠶ᠃ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠲᠠᠢ ᠬᠠᠷᠭᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠤ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃  ︽5 ᠲᠥᠷᠥᠯ ᠤᠨ ᠠᠵᠤ ᠠᠬᠤᠶᠢᠯᠠᠯ︾ ︽7 ᠲᠥᠷᠥᠯ ᠤᠨ ᠬᠥᠮᠦᠰ︾ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠶᠲᠡᠨ ᠬᠡᠯᠬᠢᠶᠡᠲᠦ᠂ ᠭᠠᠳᠠᠭᠠᠳᠤ ᠠᠴᠠ ᠣᠷᠣᠭᠤᠯᠬᠤ ᠡᠳ᠋ ᠪᠣᠳᠠᠰ᠂ ᠳᠤᠮᠳᠠ  ᠥᠨᠳᠥᠷ ᠲᠦᠭᠰᠢᠭᠦᠷᠢᠲᠡᠶ ᠭᠠᠵᠠᠷ ᠣᠷᠣᠨ᠂ ᠰᠢᠦᠳᠠᠨ ᠤ ᠲᠦᠷᠭᠡᠨ ᠬᠦᠷᠭᠡᠯᠲᠡ᠂ ᠪᠠᠷᠠᠭᠠᠨ ᠤ ᠭᠦᠶᠯᠭᠡᠭᠡᠨ  ᠤ ᠠᠵᠤ ᠠᠬᠤᠶᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠡ ᠶᠢᠨ ᠡᠵᠡᠩᠨᠡᠯᠲᠡ ᠶᠢᠨ ᠲᠠᠯᠠᠪᠤᠷ ᠭᠠᠵᠠᠷ ᠪᠣᠯᠤᠨ ᠪᠥᠬᠦ ᠰᠢᠶᠠᠨ ᠤ ᠪᠣᠶ ᠪᠥᠬᠦᠶ ᠰᠠᠭᠤᠭᠠᠯᠢ ᠲᠣᠭᠤᠷᠢᠭ ᠲᠤ ︽ᠬᠥᠬᠡᠬᠤᠲᠠ ᠶᠢᠨ ᠴᠠᠭᠳᠠᠭᠠᠨ ᠤ ᠨᠣᠮᠧᠷ︾ ᠢ ᠪᠥᠬᠦ ᠲᠠᠯ᠎ᠠ ᠪᠠᠷ ᠬᠡᠷᠡᠭᠯᠡᠬᠦ ᠬᠡᠷᠡᠭᠲᠡᠶ᠃ ᠥᠨᠳᠥᠷ᠂ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠤᠷᠤᠭᠰᠠᠨ ᠬᠥᠮᠦᠰ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ︔ ᠤᠬᠠᠭᠤᠯᠭ᠎ᠠ  ᠶᠢᠨ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠴᠡᠴᠡᠷᠯᠢᠭ ᠲᠤ ᠣᠷᠣᠬᠤ ᠬᠥᠮᠦᠰ ᠢ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠬᠦ ᠶᠢ ᠰᠢᠮᠳᠠᠭᠤᠯᠤᠨ ᠵᠢᠯᠣᠭᠤᠳᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠬᠤᠳᠠ ᠶᠢᠨ ᠣᠨ ᠤ ᠬᠢᠨᠠᠨ ᠰᠢᠯᠭᠠᠬᠤ ᠨᠠᠷᠢᠨ ᠲᠦᠷᠢᠮ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠭᠤᠭᠤᠵᠢᠭᠳᠠᠭᠰᠠᠨ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠡᠯ᠎ᠡ ᠵᠦᠢᠯ ᠤᠨ ᠰᠢᠯᠭᠠᠨ ᠪᠠᠶᠢᠴᠠᠭᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠢ᠃ ᠲᠥᠰᠦᠯ ᠢᠶᠠᠨ ᠱᠠᠯᠠᠪᠳᠠᠨ ᠲᠣᠭᠲᠠᠭᠠᠵᠤ᠂ ᠡᠭᠦᠷᠭᠡ ᠪᠠᠨ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠥᠷᠥᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠡᠷᠡᠭᠲᠡᠶ᠃ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠤᠨ ᠳ᠋ᠦᠩᠨᠡᠯᠲᠡ  ᠶᠢᠨ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ᠂ ᠠᠬᠢᠴᠠ ᠶᠢ ᠣᠨᠣᠪᠴᠢᠲᠠᠶ ᠡᠵᠡᠮᠳᠡᠵᠦ᠂ ᠬᠤᠭᠤᠴᠠᠭ᠎ᠠ ᠰᠣᠯᠢᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ  ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠴᠠᠭᠠᠨ ᠰᠠᠷ᠎ᠠ ᠶᠢᠨ ᠲᠣᠬᠤᠨᠢᠭᠤᠯᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠲᠢᠶᠠᠨ ᠸᠧᠨ ᠭᠧ ᠵᠢᠴᠢ ᠡᠯ᠎ᠡ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1