ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠯᠢᠦ ᠵᠢᠶ ᠶᠢᠩ ᠵᠠᠬᠢᠳᠠᠯ ᠰᠤᠷᠪᠤᠯᠵᠢᠯᠠᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14
      1 ᠰᠠᠷ᠎ᠠ ᠶᠢᠨ 10   ᠤ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠵᠠᠬᠢᠳᠠᠯ ᠰᠤᠷᠪᠤᠯᠵᠢᠯᠠᠯ ᠤᠨ ᠭᠤᠤᠯᠳᠠᠯᠭ᠎ᠠ ᠲᠠᠢ ᠠᠵᠢᠯ  ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠯ  ᠤᠨ ᠵᠦᠶᠯᠡᠰ ᠢ ᠲᠤᠰᠢᠶᠠᠨ ᠰᠢᠶᠳᠪᠦᠷᠢᠯᠡᠭᠦᠯᠦᠭᠰᠡᠨ ᠠᠵᠢᠯ ᠤᠨ ᠪᠠᠶᠢᠳᠠᠯ ᠢ ᠰᠣᠨᠣᠰᠴᠤ᠂ ᠬᠦᠴᠢᠷ ᠠᠰᠠᠭᠤᠳᠠᠯ ᠤᠨ ᠵᠠᠩᠭᠢᠯᠠᠭ᠎ᠠ ᠶᠢ ᠵᠦᠶᠯ ᠵᠤᠷᠪᠤᠰ ᠳᠠᠷᠠᠭᠠᠯᠠᠨ ᠵᠠᠳᠠᠯᠵᠤ᠂ ᠰᠢᠶᠳᠪᠦᠷᠢᠯᠡᠬᠦ ᠠᠷᠭ᠎ᠠ ᠶᠢ ᠰᠤᠳᠤᠯᠪᠠ᠃      ᠬᠤᠷᠠᠯ ᠠᠴᠠ᠂ ᠡᠯ᠎ᠡ ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠬᠠᠷᠢᠭᠤᠴᠠᠯᠭᠠᠲᠠᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠤᠴᠢᠷ ᠶᠠᠪᠤᠳᠠᠯ ᠢ ᠰᠢᠢᠳᠪᠦᠷᠢᠯᠡᠬᠦ︾ ᠵᠠᠷᠴᠢᠮ ᠶᠣᠰᠣᠭᠠᠷ᠂ ᠬᠡᠷᠡᠭ ᠢ ᠰᠢᠢᠳᠪᠦᠷᠢᠯᠡᠵᠦ᠂ ᠰᠢᠢᠳᠪᠦᠷᠢᠯᠡᠬᠦ ᠳᠤᠮᠳᠠᠬᠢ ᠬᠦᠴᠢᠷᠳᠡᠯ ᠪᠠ ᠲᠦᠭᠵᠢᠷᠡᠯ ᠢ ᠣᠨᠢᠯᠠᠨ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠵᠣᠬᠢᠴᠠᠭᠤᠯᠤᠨ ᠬᠤᠯᠪᠣᠭᠠᠯᠠᠬᠤ ᠶᠢ ᠴᠢᠩᠭᠠᠳᠬᠠᠨ᠂ ᠠᠵᠢᠯ  ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠠᠮᠳᠠᠭᠠᠬᠤ ᠠᠬᠢᠴᠠ ᠶᠢ ᠲᠦᠷᠭᠡᠳᠬᠡᠨ᠂ ᠣᠯᠠᠨ ᠲᠦᠮᠡᠨ ᠤ ᠬᠠᠨᠤᠮᠵᠢᠲᠠᠶ ᠪᠠᠶᠢᠬᠤ ᠶᠢ ᠪᠠᠲᠤᠯᠠᠬᠤ ᠬᠡᠷᠡᠭᠲᠡᠶ‌‍ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠤᠨ  ᠬᠢᠨ ︽ᠴᠠᠭᠠᠨ ᠰᠠᠷ᠎ᠠ︾ ᠠᠴᠠ ᠡᠮᠦᠨᠡᠬᠢ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠪᠠᠶᠠᠷ ᠤᠨ ᠡᠳᠦᠷ ᠠᠴᠠ ᠡᠮᠦᠨᠡᠬᠢ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠣᠳᠣᠬᠠᠨ ᠤ ᠲᠣᠭᠲᠠᠭᠤᠨ ᠢ ᠬᠠᠮᠠᠭᠠᠯᠠᠬᠤ ᠠᠵᠢᠯ ᠤᠨ ᠭᠤᠤᠯᠳᠠᠯᠭ᠎ᠠ ᠪᠣᠯᠭᠠᠬᠤ ᠬᠡᠷᠡᠭᠲᠡᠶ᠃ ᠬᠥᠳᠡᠯᠮᠦᠷᠢ ᠴᠠᠯᠢᠩ ᠤᠨ ᠵᠢᠭᠤᠷᠠᠯᠳᠤᠭᠠᠨ᠂ ᠭᠡᠷ ᠪᠠᠶᠢᠰᠢᠩ ᠭᠠᠵᠠᠷ ᠬᠥᠷᠥᠩᠭᠡ᠂ ᠳᠤᠯᠠᠭᠠᠯᠠᠭ᠎ᠠ ᠬᠠᠩᠭᠠᠬᠤ᠂ ᠴᠡᠷᠢᠭ ᠠᠴᠠ ᠰᠢᠯᠵᠢᠵᠦ ᠲᠥᠪᠬᠢᠨᠡᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠭᠦᠨᠵᠡᠭᠡᠢ ᠥᠷᠨᠢᠭᠦᠯᠵᠦ᠂ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠤᠬᠠᠢ  ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠳᠡᠢ ᠭᠡᠵᠦ ᠵᠢᠭᠠᠨ ᠭᠠᠷᠭᠠᠪᠠ᠃      ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠱᠢ ᠯᠢ ᠵᠢᠶᠦ᠋ᠨ᠂ ᠯᠦ ᠢᠦᠢ ᠵᠦᠩ᠂ ᠷᠧᠨ ᠷᠦᠢ᠂ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1