ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14
     1 ᠳ᠋ᠤᠭᠡᠷ ᠰᠠᠷ᠎ᠠ ᠶᠢᠨ 12   ᠤᠨ ᠣᠷᠣᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠤᠷᠤᠯᠠᠭᠴᠢ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢᠦ ᠵᠢᠶ ᠶᠢᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠣᠳᠣᠬᠠᠨ ᠤ ᠠᠵᠢᠯ  ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠰᠠᠭᠤᠳᠠᠯ ᠪᠣᠯᠤᠨ ᠪᠠᠭᠤᠷᠠᠶ ᠭᠤᠭᠴᠤᠭ᠎ᠠ ᠶᠢ ᠨᠠᠷᠢᠨ ᠬᠢᠨᠠᠮᠠᠭᠠᠶ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠠᠬᠢᠨ ᠪᠠᠶᠢᠴᠠᠭᠠᠵᠤ᠂ ᠡᠯ᠎ᠡ ᠵᠦᠢᠯ ᠤᠨ ᠠᠵᠢᠯ ᠤᠨ ᠪᠡᠯᠡᠳᠬᠡᠯ ᠲᠥᠰᠦᠯ ᠢ ᠲᠠᠬᠢᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢ ᠲᠠᠬᠢᠨ ᠲᠤᠬᠢᠷᠠᠭᠤᠯᠵᠥ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠ ᠪᠤᠰᠤᠳ ᠠᠵᠢᠯ ᠤᠨ ᠬᠠᠷᠢᠴᠠᠭ᠎ᠠ ᠶᠢ ᠵᠣᠬᠢᠰᠲᠠᠢ ᠪᠠᠶᠢᠷᠢᠯᠠᠭᠤᠯᠵᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠪᠦᠬᠦ ᠰᠢᠶᠠᠨ ᠤ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠢᠨᠠᠯᠲᠠ ᠲᠠᠯᠪᠢᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠦᠨᠵᠡᠭᠡᠶᠢᠷᠡᠨ ᠰᠢᠮᠳᠠᠭᠤᠯᠤᠨ ᠵᠢᠯᠣᠭᠤᠳᠴᠤ ᠪᠠᠶᠢᠴᠠᠭᠠᠯᠲᠠ ᠬᠢᠵᠦ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠥᠬᠡᠬᠤᠲᠠ ᠶᠢᠨ ᠴᠠᠭᠳᠠᠭᠠᠨ ᠤ ᠨᠣᠮᠧᠷ ᠢ ᠳᠡᠯᠭᠡᠷᠡᠭᠦᠯᠦᠨ ᠬᠡᠷᠡᠭᠯᠡᠭᠰᠡᠨ ᠵᠢᠴᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠡᠮᠦᠨ᠎ᠡ ᠹᠷᠣᠨᠲ ᠤᠨ ᠬᠥᠮᠦᠰ ᠤᠨ ᠵᠣᠷᠢᠭ ᠰᠠᠨᠠᠭ᠎ᠠ ᠶᠢ ᠦᠨᠡᠨ ᠬᠦ ᠲᠠᠶᠢᠴᠢᠯᠠᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃      ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠦᠩᠬᠡᠶ ᠵᠢᠯᠣᠭᠤᠳᠣᠭᠴᠢ᠂ ᠡᠯ᠎ᠡ ᠠᠵᠢᠯᠯᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1