ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠨᠠᠮ ᠤᠨ ᠵᠣᠬᠢᠶᠠᠨ ᠪᠠᠶᠢᠭᠤᠯᠤᠯᠲᠠ ᠶᠢᠨ ᠬᠡᠰᠡᠭ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2021/1/16
     1 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠷᠠᠳᠴᠢᠯᠠᠯ ᠢᠶᠠᠷ ᠦᠨᠡᠯᠡᠨ ᠶᠠᠷᠢᠯᠴᠠᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠷᠪᠠᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠰᠡᠳᠬᠢᠴᠡ ᠲᠣᠳᠣᠷᠬᠠᠢ᠂ ᠰᠠᠭᠤᠷᠢ ᠲᠤᠭ᠎ᠠ ᠲᠣᠳᠣᠷᠬᠠᠢ ᠪᠠᠶᠢᠵᠤ᠂ ︽ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠨᠡᠯᠢᠶᠡᠳ ᠰᠠᠶᠢᠨ ᠡᠭᠦᠷᠭᠡᠯᠡᠪᠡ᠃ ᠨᠠᠮ ᠤᠨ ᠪᠠᠶᠢᠭᠤᠯᠤᠯᠲᠠ ᠶᠢ ᠠᠳᠬᠤᠬᠤ ᠪᠠ ᠬᠥᠭᠵᠢᠯᠲᠡ ᠶᠢ ᠠᠬᠢᠭᠤᠯᠬᠤ ᠶᠢ ᠨᠢᠭᠲᠠ ᠤᠶᠠᠯᠳᠤᠭᠤᠯᠵᠤ᠂ ︽ᠨᠠᠮ ᠤᠨ ᠭᠡᠰᠢᠭᠦᠨ ᠲᠦᠷᠦᠭᠦᠯᠡᠨ᠂ ᠺᠠᠳ᠋ᠷ ᠵᠢᠱᠢᠶ᠎ᠡ ᠦᠵᠡᠭᠦᠯᠬᠦ︾ ᠬᠤᠰᠢᠭᠤᠴᠢ ᠵᠢᠱᠢᠶᠡᠴᠢ ᠦᠢᠯᠡᠳᠦᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠢᠯᠡᠷᠡᠭᠦᠯᠵᠦ᠂ ᠮᠠᠨ ᠤ ᠰᠢᠶᠠᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ᠂ ᠤᠰᠤᠨ ᠤ ᠶᠠᠪᠤᠳᠠᠯ ᠤᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠲᠦᠮᠵᠢᠲᠡᠢ ᠠᠬᠢᠭᠤᠯᠪᠠ ᠭᠡᠪᠡ᠃      ᠬᠤᠷᠠᠯ ᠠᠴᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠷᠪᠠᠨ ᠱᠦᠵᠢ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠱᠦᠵᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠴᠢᠩᠭ᠎ᠠ ᠬᠠᠲᠠᠭᠤ ᠪᠣᠯᠬᠤ ᠶᠢ ᠠᠬᠢᠭᠤᠯᠬᠤ ᠬᠡᠷᠡᠭᠲᠡᠢ᠃ ︽ᠤᠭ ᠰᠠᠨᠠᠭ᠎ᠠ ᠪᠠᠨ ᠦᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠲᠠᠪᠤ ᠶᠢ ᠬᠠᠮᠵᠢᠯᠴᠠᠭᠤᠯᠬᠤ᠂ ᠦᠨᠳᠦᠰᠦᠨ ᠱᠠᠳᠤ ᠶᠢ ᠶᠡᠭᠡ ᠪᠠᠷ ᠠᠳᠬᠤᠬᠤ︾ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠣᠨ ᠤ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠢ ᠵᠡᠷᠭᠡ ᠪᠠᠷ ᠲᠤᠬᠢᠷᠠᠭᠤᠯᠵᠤ᠂ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠥᠮᠦᠵᠢᠯ ᠵᠢᠯᠤᠭᠤᠳᠤᠯᠭ᠎ᠠ ᠶᠢ ᠲᠤᠪᠤᠶᠢᠯᠭᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠭᠡᠰᠢᠭᠦᠨ ᠺᠠᠳ᠋ᠷ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠲᠤᠰ ᠨᠢᠭᠡᠴᠡ ᠶᠢᠨ ᠢᠶᠠᠨ ᠲᠥᠪ ᠰᠤᠷᠲᠠᠯ ᠪᠢᠯᠬᠠᠮ᠎ᠠ ᠤᠯᠤᠰ ᠲᠦᠷᠦ ᠶᠢᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠲᠤᠰ ᠲᠤᠰ ᠤᠨ ᠬᠦᠷᠢᠶᠡᠨ ᠤ ᠠᠵᠢᠯ ᠢᠶᠠᠨ ᠥᠨᠳᠥᠷ ᠪᠦᠲᠦᠮᠵᠢᠲᠡᠢ ᠥᠷᠨᠢᠭᠦᠯᠬᠦ ᠶᠢ ᠬᠦᠳᠦᠯᠦᠨ ᠳᠠᠭᠠᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1