ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃
ᠨᠡᠶᠢᠲᠡᠯᠡᠭᠰᠡᠨ ᠴᠠᠭ᠄
2021/1/20
      1 ᠳ᠋ᠤᠭᠡᠷ ᠰᠠᠷ᠎ᠠ ᠶᠢᠨ 17   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠦᠶᠯᠡᠰ ᠪᠤᠰᠬᠠᠬᠤ ᠬᠦᠷᠢᠶᠡᠯᠡᠩ ᠤᠨ ᠬᠦᠶᠲᠡᠨ ᠬᠡᠯᠬᠢᠶᠡᠲᠦ ᠬᠥᠮᠥᠷᠭᠡ᠂ ᠢᠷᠡᠭᠡᠳᠦᠶ ᠶᠢᠨ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ᠂ ᠬᠠᠶ ᠴᠧᠩ ᠶᠤᠸᠠᠨ ᠬᠤᠳᠠᠯᠳᠤᠭᠠᠨ ᠤ ᠶᠠᠪᠤᠳᠠᠯ ᠤᠨ ᠵᠣᠴᠢᠳ ᠤᠨ ᠪᠠᠭᠤᠳᠠᠯ᠂ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠮᠢᠩ ᠵᠦ ᠨᠡᠶᠢᠭᠡᠮ ᠲᠣᠭᠤᠷᠢᠭ᠂ s103 ᠱᠤᠭᠤᠮ ᠤᠨ ᠵᠡᠭᠡᠯᠢ ᠳᠠᠭᠠᠤ ᠬᠤᠳᠠᠯᠳᠤᠭ᠎ᠠ᠂ ᠱᠢ ᠵᠢᠶᠠᠩ ᠶᠢᠩ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠰᠢᠨ᠎ᠡ ᠶᠢᠩᠽᠢ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠶᠯᠡᠰ ᠪᠤᠰᠬᠠᠬᠤ ᠬᠦᠷᠢᠶᠡᠯᠡᠩ ᠤᠨ ᠬᠦᠶᠲᠡᠨ ᠬᠡᠯᠬᠢᠶᠡᠲᠦ ᠬᠥᠮᠥᠷᠭᠡ᠂ ᠬᠠᠶ ᠴᠧᠩ ᠶᠤᠸᠠᠨ ᠬᠤᠳᠠᠯᠳᠤᠭᠠᠨ ᠤ ᠶᠠᠪᠤᠳᠠᠯ ᠤᠨ ᠵᠣᠴᠢᠳ ᠤᠨ ᠪᠠᠭᠤᠳᠠᠯ᠂ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ s103 ᠱᠤᠭᠤᠮ ᠤᠨ ᠵᠡᠭᠡᠯᠢ ᠳᠠᠭᠠᠤ ᠬᠤᠳᠠᠯᠳᠤᠭᠠᠨ ᠤ ᠳᠡᠯᠭᠡᠭᠦᠷ ᠤᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠵᠢᠭᠠᠵᠤ ᠭᠠᠷᠭᠠᠬᠤ ᠶᠢᠨ ᠬᠠᠮᠲᠤ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠪᠠᠶᠢᠩᠭᠤᠵᠢᠬᠰᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠪᠠᠶᠢᠩᠭᠤᠵᠢᠬᠰᠠᠨ ᠨᠠᠷᠢᠯᠢᠭ ᠣᠨᠣᠪᠴᠢᠲᠠᠢ ᠪᠠᠷ ᠬᠢᠨᠠᠨ ᠬᠡᠮᠵᠢᠬᠦ᠂ ︽ᠨᠡᠷᠡᠳᠦ ᠬᠥᠮᠦᠰ ᠪᠠ ᠭᠠᠵᠠᠷ︾ ᠢ ᠬᠠᠮᠲᠤ ᠳᠤᠨᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠦᠭᠡᠢ ᠪᠠᠷ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ︔ ︽ᠪᠠᠷᠠᠭ᠎ᠠ᠂ ᠲᠡᠷᠭᠡ᠂ ᠬᠥᠮᠦᠨ︾ ᠤ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠬᠦᠶᠲᠡᠨ ᠬᠡᠯᠬᠢᠶᠡᠲᠦ ᠢᠳᠡᠭᠡᠨ ᠤ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ᠂ ᠪᠥᠭᠡᠮ ᠢᠶᠠᠷ ᠰᠢᠯᠭᠠᠨ ᠪᠠᠶᠢᠴᠠᠭᠠᠬᠤ ᠵᠡᠷᠭᠡ ᠠᠵᠢᠯ ᠢ ᠭᠦᠨᠵᠡᠭᠡᠶ ᠨᠠᠷᠢᠯᠢᠭ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠬᠡᠷᠡᠭᠲᠡᠶ︔ ᠠᠵᠤ ᠠᠬᠤᠶᠢᠯᠠᠯ ᠤᠨ ᠭᠤᠤᠯ ᠴᠣᠭᠴᠠ᠂ ᠬᠤᠪᠢ ᠶᠢᠨ ᠬᠤᠳᠠᠯᠳᠤᠭᠠᠨ ᠤ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠠᠶᠠᠯᠠᠯ ᠤᠨ ᠺᠣᠳ᠋ ᠢ ᠰᠢᠷᠪᠢᠬᠦ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠡᠳᠦᠷ ᠲᠤᠲᠤᠮ ᠤᠨ ᠠᠷᠢᠭᠤᠳᠬᠠᠯ ᠬᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠱᠠᠭᠠᠷᠳᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠬᠤ᠂ ᠳᠡᠩᠰᠡᠯᠡᠨ ᠪᠠᠶᠢᠴᠠᠭᠠᠬᠤ ᠶᠢ ᠪᠣᠳᠠᠲᠠᠶᠢᠵᠢᠭᠤᠯᠬᠤ᠂ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠢᠷᠡᠭᠡᠳᠦᠶ ᠶᠢᠨ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ᠂ ᠮᠢᠩ ᠵᠦ ᠨᠡᠶᠢᠭᠡᠮ ᠲᠣᠭᠤᠷᠢᠭ᠂ ᠱᠢ ᠵᠢᠶᠠᠩ ᠶᠢᠩ ᠲᠣᠰᠬᠤᠨ ᠤ ᠠᠷᠠᠳ ᠤᠨ ᠵᠥᠪᠯᠡᠯ ᠪᠣᠯᠤᠨ ᠡᠷᠡᠭᠦᠯ ᠬᠠᠮᠠᠭᠠᠯᠠᠯ  ᠤᠨ ᠲᠠᠰᠤᠭ ᠲᠤ ᠬᠦᠷᠴᠦ᠂ ᠲᠣᠰᠬᠤᠨ᠂ ᠨᠡᠶᠢᠭᠡᠮ ᠲᠣᠭᠤᠷᠢᠭ ᠤᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠪᠣᠯᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠭᠥᠯᠢᠶᠡᠨ ᠠᠪᠴᠤ ᠡᠮᠴᠢᠯᠡᠵᠦ ᠰᠢᠶᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ᠂ ᠲᠣᠰᠬᠤᠨ ᠪᠣᠯᠤᠨ ᠨᠡᠶᠢᠭᠡᠮ ᠲᠣᠭᠤᠷᠢᠭ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠪᠣᠯᠤᠨ᠎ᠠ᠂ ᠴᠠᠭᠠᠨ ᠰᠠᠷ᠎ᠠ ᠣᠶᠢᠷᠠᠲᠤᠵᠤ ᠪᠠᠶᠢᠨ᠎ᠠ᠂ ︽ᠲᠠᠪᠤᠨ ᠪᠠᠶᠢᠬᠤ ᠨᠢᠭᠡ ᠲᠣᠣᠷᠴᠢᠯᠠᠯ︾ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ᠂ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠪᠣᠯᠤᠨ ᠰᠤᠷᠤᠭᠴᠢ ᠵᠡᠷᠭᠡ ᠭᠤᠣᠯᠳᠠᠯᠭ᠎ᠠ ᠲᠠᠢ ᠨᠤᠲᠤᠭ ᠲᠠᠭᠠᠨ ᠪᠤᠴᠠᠭᠰᠠᠨ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ᠂ ᠪᠠᠶᠢᠳᠠᠯ ᠢ ᠤᠶᠢᠯᠠᠭᠠᠨ ᠵᠢᠭᠰᠠᠭᠠᠬᠤ ᠪᠠ ᠡᠳᠦᠷ ᠲᠤᠳᠤᠮ ᠤᠨ ᠡᠷᠡᠭᠦᠯ ᠮᠠᠨᠳᠤ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠰᠠᠯᠬᠢ ᠢᠯᠡᠭᠦᠬᠡᠨ ᠨᠡᠪᠲᠡᠷᠡᠭᠦᠯᠵᠦ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠬᠤ ᠶᠢ ᠥᠷᠭᠡᠨ ᠢᠶᠠᠷ ᠤᠬᠠᠭᠤᠯᠤᠨ ᠬᠦᠳᠦᠯᠦᠨ ᠵᠢᠯᠣᠭᠤᠳᠴᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠬᠦᠯᠢᠶᠡᠨ ᠠᠪᠴᠤ ᠣᠨᠣᠰᠢᠯᠠᠬᠤ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠣᠷᠴᠢᠨ ᠲᠣᠭᠤᠷᠢᠨ ᠢ ᠠᠷᠢᠭᠤᠳᠬᠠᠨ ᠠᠷᠢᠯᠭᠠᠬᠤ ᠶᠢ ᠴᠢᠩᠭᠠᠳᠬᠠᠵᠤ᠂ ᠨᠢᠭᠲᠠ ᠴᠢᠩᠭ᠎ᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ  ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠤᠨ ᠰᠡᠷᠭᠡᠶᠢᠯᠡᠯᠲᠡ ᠶᠢᠨ ᠱᠤᠭᠤᠮ ᠢ ᠴᠢᠩᠭᠠᠳᠬᠠᠬᠤ ᠬᠡᠷᠡᠭᠳᠡᠢ ᠭᠡᠵᠦ ᠵᠢᠭᠠᠨ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1