ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠠᠩ ᠪᠦᠬᠡ ᠲᠣᠭᠲᠠᠬᠤ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/1/20
       1 ᠳ᠋ᠤᠭᠡᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠠᠩ ᠪᠦᠬᠡ ᠨᠡᠷ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ᠂ ᠱᠤᠸᠠᠩ ᠾᠧ ᠬᠤᠶᠠᠳᠤᠭᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ᠂ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠵᠢᠴᠢ ᠱᠤᠸᠠᠩ ᠾᠧ ᠪᠠᠯᠭᠠᠰᠤᠨ ᠤ ᠾᠦᠸᠧ ᠵᠢᠶᠠ ᠭᠧ ᠳ᠋ᠦᠩ ᠲᠣᠰᠬᠤᠨ ᠤ ᠵᠥᠪᠯᠡᠯ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃      ᠭᠠᠩ ᠪᠦᠬᠡ ᠵᠢᠭᠠᠵᠤ ᠭᠠᠷᠭᠠᠭᠰᠠᠨ ᠨᠢ᠂ ᠰᠢᠶᠠᠨ ᠤ ᠡᠮᠨᠡᠯᠭᠡ ᠶᠢᠨ ᠬᠤᠷᠢᠶ᠎ᠠ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠤᠣᠯᠳᠠᠯᠭ᠎ᠠ ᠲᠠᠢ ᠰᠠᠯᠠᠭ᠎ᠠ ᠲᠠᠰᠤᠭ᠂ ᠠᠵᠢᠯᠲᠠᠨ ᠨᠢᠭᠲᠠᠷᠠᠭᠰᠠᠨ ᠡᠮᠴᠢᠯᠡᠭᠡ ᠬᠦᠯᠢᠶᠡᠬᠦ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ ᠪᠠ ᠣᠷᠴᠢᠨ ᠲᠣᠭᠤᠷᠢᠨ ᠤ ᠠᠷᠢᠭᠤᠳᠬᠠᠯ ᠵᠡᠷᠭᠡ ᠠᠵᠢᠯ ᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠨᠠᠷᠢᠨ ᠵᠦᠢᠯᠡᠰ ᠢ ᠴᠢᠩᠭᠠᠳᠬᠠᠬᠤ ᠶᠢᠨ ᠬᠠᠮᠲᠤ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠡᠮᠴᠢ ᠰᠤᠪᠢᠯᠠᠭᠴᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠭᠠᠩ ᠪᠦᠬᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠡᠯ᠎ᠡ ᠲᠠᠯ᠎ᠠ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠦᠨᠡᠨ ᠬᠦ ᠴᠢᠩᠭ᠎ᠠ ᠰᠠᠬᠢᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠵᠤ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠪᠣᠳᠠᠲᠠᠶ ᠪᠥᠭᠡᠳ ᠨᠠᠷᠢᠯᠢᠭ ᠠᠳᠬᠤᠵᠤ᠂ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠢ ᠵᠢᠭᠰᠠᠭᠠᠨ ᠪᠠᠶᠢᠴᠠᠭᠠᠬᠤ᠂ ᠳᠡᠩᠰᠡᠯᠡᠨ ᠲᠡᠮᠳᠡᠭᠯᠡᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠢᠯᠠᠩᠭᠤᠶ᠎ᠠ ᠬᠦᠢᠳᠡᠨ ᠬᠡᠯᠬᠢᠶᠡᠲᠦ ᠪᠠᠷᠠᠭᠠᠨ ᠤ ᠭᠦᠶ᠋ᠯᠭᠡᠭᠡ᠂ ᠲᠦᠷᠭᠡᠨ ᠢᠯᠡᠭᠡᠯᠲᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1