1 ᠳ᠋ᠤᠭᠡᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 222 ᠳ᠋ᠤᠭᠠᠷ ᠬᠤᠷᠠᠯ ᠵᠢᠴᠢ ᠬᠢᠵᠢᠭ ᠤᠨ ᠪᠠᠶᠢᠳᠠᠯ | ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 6 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ | ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ | ᠰᠤᠷᠤᠯᠴᠠᠵᠤ᠂ ᠣᠳᠣᠬᠠᠨ ᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ | ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠬᠤ ᠶᠢᠨ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠡᠷᠡᠭᠲᠡᠢ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠤᠶᠠᠯᠳᠤᠭᠤᠯᠪᠠ᠂ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ | ᠴᠢᠩᠭᠠᠳᠬᠠᠵᠦ᠂ ︽ᠳᠥᠷᠪᠡᠨ ᠢᠲᠡᠭᠡᠯ︾ ᠢ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ | ᠬᠡᠷᠡᠭᠲᠡᠢ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠬᠤ᠂ ᠮᠡᠳᠡᠬᠦᠶ | ᠬᠢᠬᠦᠶ ᠶᠢ ᠨᠢᠭᠡᠳᠬᠡᠬᠦ᠂ ᠦᠶᠯᠡᠳᠦᠯᠭᠡ ᠶᠢᠨ ᠳᠤᠮᠳᠠ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠬᠦ ᠪᠠᠷ | ᠴᠢᠷᠮᠠᠶᠢᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠤᠯᠤᠰ ᠲᠥᠷᠥ ᠶᠢᠨ ᠴᠢᠳᠠᠪᠤᠷᠢ ᠪᠠᠨ ᠲᠡᠭᠡᠭᠰᠢᠯᠡᠭᠦᠯᠪᠡ᠃ | ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠲᠡᠷᠢᠭᠦᠨ ᠴᠢᠬᠤᠯᠠ ᠶᠡᠭᠡ | ᠶᠠᠪᠤᠳᠠᠯ ᠪᠣᠯᠭᠠᠵᠤ᠂ ︽ᠡᠳᠦᠷ ᠤᠨ ᠮᠡᠳᠡᠭᠦᠯᠦᠯᠲᠡ︾ ᠪᠣᠯᠤᠨ | ︽ᠡᠳᠦᠷ ᠤᠨ ᠮᠡᠳᠡᠭᠦᠯᠦᠯᠲᠡ ᠦᠬᠡᠢ︾ ᠪᠠᠶᠢᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠪᠠᠴᠢᠮ ᠪᠠᠶᠢᠳᠠᠯ | ᠢ ᠠᠷᠭᠠᠴᠠᠭᠠᠬᠤ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ | ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠥᠰᠦᠯ ᠢ ᠲᠣᠭᠲᠠᠭᠠᠵᠤ᠂ ᠠᠶᠤᠯ ᠲᠦᠭᠰᠢᠭᠦᠷᠢ ᠶᠡᠬᠡᠲᠡᠶ | ᠬᠥᠮᠦᠰ ᠢ ᠰᠢᠯᠭᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ | ᠵᠠᠩᠭᠢᠵᠢᠯᠲᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ︽ᠬᠥᠮᠦᠨ︾ ᠪᠠ ︽ᠪᠣᠳᠠᠰ︾ | ᠢ ᠵᠡᠷᠭᠡᠪᠡᠷ ᠪᠠᠶᠢᠴᠠᠭᠠᠬᠤ ᠶᠢ ᠪᠡᠶᠡᠯᠡᠭᠦᠯᠦᠨ᠎ᠡ᠃ | ᠬᠤᠷᠠᠯ ᠠᠴᠠ᠂ ᠵᠣᠬᠢᠶᠠᠨ ᠪᠠᠶᠢᠭᠤᠯᠵᠤ ᠬᠦᠳᠦᠯᠥᠨ ᠳᠠᠭᠠᠭᠤᠯᠬᠤ ᠪᠠᠨ ᠴᠢᠩᠭᠠᠳᠬᠠᠵᠤ᠂ ᠬᠠᠷᠢᠶ᠎ᠠ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠣᠰᠬᠤᠨ ᠤ ᠬᠤᠶᠠᠷ ᠵᠥᠪᠯᠡᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠤ ᠭᠠᠵᠠᠷ ᠣᠷᠣᠨ ᠤ ᠲᠣᠣᠷᠵᠢᠭᠤᠯᠤᠭᠰᠠᠨ | ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠮᠡᠳᠡᠭᠦᠯᠦᠯᠲᠡ ᠬᠢᠬᠦ᠂ ᠦᠯᠢᠭᠡᠷ ᠶᠠᠩᠵᠤ ᠠᠪᠬᠤ᠂ ᠰᠢᠯᠭᠠᠨ | ᠪᠠᠶᠢᠴᠠᠭᠠᠬᠤ ᠬᠠᠮᠢᠶ᠎ᠠ ᠪᠦᠬᠦᠢ ᠲᠣᠭᠲᠠᠭᠠᠯ ᠪᠣᠯᠤᠨ ᠵᠣᠬᠢᠴᠠᠩᠭᠤᠢ ᠰᠢᠢᠳᠪᠦᠷᠢᠯᠡᠬᠦ ᠶᠠᠪᠤᠴᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠤᠯᠠᠨ ᠲᠦᠮᠡᠨ ᠢ ᠬᠦᠳᠦᠯᠥᠨ ᠵᠢᠯᠣᠭᠤᠳᠴᠤ ᠪᠠᠶᠢᠭᠠᠳ ᠠᠮᠠᠪᠴᠢ ᠵᠡᠭᠦᠬᠦ᠂ ᠭᠠᠷ | ᠢᠶᠠᠨ ᠦᠷᠭᠦᠯᠵᠢ ᠤᠬᠢᠶᠠᠬᠤ᠂ ᠦᠯᠦ ᠲᠥᠪᠯᠡᠷᠡᠭᠦᠯᠬᠦ ᠵᠡᠷᠭᠡ ᠪᠠᠶᠢᠩᠭᠤᠵᠢᠬᠰᠠᠠ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ | ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠳᠤ ᠨᠤᠲᠤᠭ ᠲᠠᠭᠠᠨ ᠪᠤᠴᠠᠭᠰᠠᠨ ᠬᠥᠮᠦᠰ ᠤᠨ | ᠮᠡᠳᠡᠭᠡ ᠵᠠᠩᠭᠢ ᠶᠢ ᠳᠠᠩᠰᠠᠯᠠᠬᠤ ᠪᠠ ᠡᠳᠦᠷ ᠲᠤᠳᠤᠮ ᠤᠨ ᠡᠷᠡᠭᠦᠯ ᠮᠠᠨᠳᠤ ᠶᠢ ᠬᠢᠨᠠᠨ ᠬᠡᠮᠵᠢᠬᠦ ᠠᠵᠢᠯ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ | ᠪᠤᠯᠤᠳ ᠬᠡᠷᠡᠮ ᠪᠤᠯᠤᠳ ᠬᠠᠨ᠎ᠠ ᠶᠢ ᠪᠠᠲᠤ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠰᠦᠨ ᠰᠢᠶᠦ᠋ᠨ᠂ ᠲᠢᠶᠠᠨ ᠸᠧᠨ ᠭᠧ ᠵᠢᠴᠢ ᠰᠢᠶᠠᠨ ᠤ ᠨᠠᠮ | ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |