ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ 2021 ᠣᠨ ᠤ ᠬᠤᠶᠠᠳᠤᠭᠠᠷ ᠤᠳᠠᠭᠠᠨ ᠤ ᠰᠤᠷᠤᠯᠴᠠᠬᠤ ᠬᠤᠷᠠᠯ ᠬᠢᠪᠡ᠃
ᠨᠡᠶᠢᠲᠡᠯᠡᠭᠰᠡᠨ ᠴᠠᠭ᠄
2021/1/27
      1 ᠳ᠋ᠤᠭᠡᠷ ᠰᠠᠷ᠎ᠠ ᠶᠢᠨ 20   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠭᠤᠷᠪᠠᠳᠤᠭᠠᠷ ᠪᠣᠲᠢ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ  ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠲᠠᠯ ᠢᠶᠠᠨ ᠬᠤᠪᠢᠷᠠᠭᠤᠯᠵᠤ᠂ ᠰᠠᠨᠠᠭᠠᠴᠢᠯᠠᠭ᠎ᠠ  ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ ᠃ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠳᠤᠷᠢᠳᠬᠤ ᠺᠠᠳ᠋ᠷ ᠠᠷᠠᠳ ᠤᠨ ᠡᠵᠡᠩᠨᠡᠯᠲᠡ  ᠶᠢᠨ ᠠᠵᠤ ᠠᠬᠤᠶᠢᠯᠠᠯ ᠢ ᠳᠠᠭᠠᠭᠠᠴᠢᠯᠠᠨ ᠬᠠᠷᠢᠯᠴᠠᠬᠤ ᠵᠡᠷᠭᠡ ᠲᠦᠷᠢᠮ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠠᠨᠠᠭᠠᠴᠢᠯᠠᠭ᠎ᠠ ᠠᠴᠠ  ᠪᠠᠨ ᠠᠵᠤ ᠠᠬᠤᠶᠢᠯᠠᠯ ᠲᠠᠢ ᠨᠡᠪᠳᠡᠷᠡᠯᠴᠡᠨ ᠵᠣᠯᠭᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠣᠯᠤᠨ ᠠᠰᠠᠭᠤᠳᠠᠯ ᠬᠦᠴᠢᠷᠳᠡᠯ ᠢ ᠭᠦᠨᠵᠡᠭᠡᠢ ᠤᠢᠢᠯᠠᠭᠠᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ‌‍ᠭ᠊ ‍ᠡᠵᠦ ᠵᠢᠭᠠᠨ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠦᠶᠯᠡᠴᠢᠯᠡᠭᠡᠨ ᠤ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠵᠦ᠂ ᠰᠢᠨ᠎ᠡ ᠳᠦᠷᠢᠮ᠂ ᠰᠢᠨ᠎ᠡ ᠮᠡᠷᠭᠡᠵᠢᠯ᠂ ᠰᠢᠨ᠎ᠡ ᠴᠤᠪᠤᠷᠠᠯ ᠢᠶᠠᠷ ᠠᠵᠤ ᠠᠬᠤᠶᠢᠯᠠᠯ ᠪᠣᠯᠤᠨ ᠣᠯᠠᠨ ᠲᠦᠮᠡᠨ ᠳᠤ ᠵᠢᠷᠤᠮᠵᠢᠭᠰᠠᠨ ᠥᠨᠳᠥᠷ ᠪᠦᠲᠦᠮᠵᠢᠲᠡᠶ᠂ ᠡᠷᠬᠡ ᠲᠡᠭᠰᠢ ᠢᠯᠡ ᠲᠣᠳᠣ᠂ ᠪᠣᠳᠠᠲᠠᠶ ᠶᠢ ᠡᠷᠬᠢᠮᠯᠡᠨ ᠠᠷᠠᠳ ᠲᠤ ᠳᠥᠭᠦᠮ ᠦᠵᠡᠭᠦᠯᠬᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠶᠢᠯᠠᠭᠠᠯᠲᠠ ᠬᠠᠩᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠵᠦ᠂ ᠬᠠᠤᠯᠢ ᠪᠠᠷ ᠤᠯᠤᠰ  ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃      ᠰᠢᠶᠠᠨ ᠤ ᠤᠳᠤᠷᠢᠳᠤᠯᠭ᠎ᠠ ᠯᠢᠦ ᠵᠢᠶ ᠶᠢᠩ᠂ ᠰᠦᠨ ᠰᠢᠶᠦ᠋ᠨ᠂ ᠲᠢᠶᠠᠨ ᠸᠧᠨ ᠭᠧ ᠵᠢᠴᠢ ᠰᠢᠶᠠᠨ ᠤ ᠨᠠᠮ  ᠤᠨ ᠬᠤᠷᠢᠶᠠᠨ ᠤ ᠭᠤᠤᠯ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠤᠷᠤᠯᠴᠠᠬᠤ ᠬᠤᠷᠠᠯ ᠳᠤ ᠣᠷᠣᠯᠴᠠᠭᠰᠠᠨ ᠪᠥᠭᠡᠳ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1