ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ 2021 ᠣᠨ ᠤ ᠠᠩᠬᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2021/1/27
        1 ᠳ᠋ᠤᠭᠡᠷ ᠰᠠᠷ᠎ᠠ ᠶᠢᠨ 20   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠭᠤᠷᠪᠠᠳᠤᠭᠠᠷ ᠪᠣᠲᠢ ᠶᠢ ᠤᠯᠠᠮᠵᠢᠯᠠᠨ ᠰᠤᠷᠤᠯᠴᠠᠪᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠲᠥᠪ ᠤᠨ ᠤᠯᠤᠰ ᠲᠦᠷᠦ  ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠤᠷᠠᠰᠬᠠᠪᠠ᠂ ᠨᠠᠮ ᠤᠨ ᠳᠦᠷᠢᠮ ᠢ ᠭᠦᠨᠵᠡᠭᠡᠶ ᠰᠤᠷᠤᠯᠴᠠᠪᠠ᠂ ︽ᠨᠠᠮ ᠤᠨ ᠤᠯᠤᠰ ᠲᠥᠷᠥ ᠶᠢᠨ ᠪᠠᠶᠢᠭᠤᠯᠤᠯᠲᠠ  ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ︽︿ᠣᠭ ᠰᠠᠨᠠᠭ᠎ᠠ ᠪᠠᠨ ᠥᠯᠥ ᠮᠠᠷᠲᠠᠬᠤ﹀ ᠶᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠶ᠂ ︽ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠤᠨ ᠲᠤᠬᠠᠶ ᠰᠠᠨᠠᠯ ᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠲᠤᠯᠭᠤᠷ ᠪᠢᠴᠢᠭ᠂ ᠴᠢᠬᠤᠯᠠ ᠨᠣᠮ ᠪᠢᠴᠢᠭ ᠢ ᠬᠡᠷᠡᠭ ᠤᠨ ᠲᠦᠷᠦᠭᠦᠦ ᠶᠢᠨ ᠡᠪᠬᠡᠮᠡᠯ᠂ ᠲᠣᠯᠢ ᠪᠢᠴᠢᠭ᠂ ᠬᠢᠴᠢᠶᠡᠰᠦ ᠪᠣᠯᠭᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠶ ᠰᠡᠳᠬᠢᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠦᠨᠡᠨ ᠬᠦ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠶ᠃ ᠳᠣᠲᠣᠭᠠᠳᠤ ᠯᠣᠭᠢᠭ᠂ ᠳᠣᠲᠣᠭᠠᠳᠤ ᠬᠠᠷᠢᠯᠴᠠᠭ᠎ᠠ ᠶᠢ ᠡᠵᠡᠮᠳᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠨ ︽ᠲᠦᠷᠪᠡᠨ ᠢᠲᠡᠭᠡᠯ︾  ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ  ᠤᠨ ᠲᠤᠬᠠᠢ ᠰᠢᠨ᠎ᠡ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠭᠦᠨᠵᠡᠭᠡᠢ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ︽ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ  ︾᠂ ︽ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠡᠭᠦᠨ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠤᠯᠬᠤ ᠬᠡᠷᠡᠭᠲᠡᠢ᠃ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠠᠵᠢᠯ ᠤᠨ ᠡᠯ᠎ᠡ ᠲᠠᠯ᠎ᠠ  ᠶᠢᠨ ᠪᠦᠬᠦ ᠶᠠᠪᠤᠴᠠ ᠳᠤ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠨᠠᠮ ᠤᠨ ᠲᠦᠷᠢᠮ  ᠢ ᠰᠤᠷᠤᠯᠴᠠᠬᠤ᠂ ᠨᠠᠮ ᠤᠨ ᠲᠦᠷᠢᠮ ᠢ ᠵᠢᠷᠤᠮᠯᠠᠬᠤ᠂ ᠨᠠᠮ ᠤᠨ ᠲᠦᠷᠢᠮ ᠢ ᠲᠤᠭᠤᠰᠢᠯᠠᠭᠤᠯᠬᠤ᠂ ᠨᠠᠮ ᠤᠨ ᠲᠦᠷᠢᠮ  ᠢ ᠬᠠᠮᠠᠭᠠᠯᠠᠬᠤ ᠶᠢ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠢᠶᠠᠨ ᠪᠣᠯᠭᠠᠵᠤ᠂ ᠨᠠᠮ ᠤᠨ ᠲᠦᠷᠢᠮ ᠢ ᠰᠤᠷᠤᠯᠴᠠᠬᠤ ᠶᠢ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠬᠤ᠂ ︽ᠳᠥᠷᠪᠡᠨ ᠢᠲᠡᠭᠡᠯ︾   ᠢᠶᠠᠨ ᠪᠠᠲᠤᠳᠬᠠᠬᠤ ᠪᠠ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠠᠶ ᠢᠯᠡᠷᠡᠯ ᠢᠶᠠᠨ ᠪᠣᠯᠭᠠᠵᠤ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠶ᠃ ︽ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾᠂ ︽︿ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ  ﹀ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠲᠥᠷᠥ ᠶᠢᠨ ᠴᠢᠳᠠᠪᠤᠷᠢ ᠪᠠᠨ ᠴᠢᠩᠭᠠᠳᠬᠠᠵᠤ᠂ ᠪᠥᠬᠦ ᠰᠢᠶᠠᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠨᠠᠮ  ᠤᠨ ᠲᠡᠦᠬᠡᠲᠦ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠱᠠᠭᠠᠷᠳᠠᠪᠠ᠃      ᠰᠢᠶᠠᠨ ᠤ ᠤᠳᠤᠷᠢᠳᠤᠯᠭ᠎ᠠ ᠯᠢᠦ ᠵᠢᠶ ᠶᠢᠩ᠂ ᠰᠦᠨ ᠰᠢᠶᠦ᠋ᠨ᠂ ᠲᠢᠶᠠᠨ ᠸᠧᠨ ᠭᠧ ᠵᠢᠴᠢ ᠰᠢᠶᠠᠨ ᠤ ᠨᠠᠮ  ᠤᠨ ᠬᠤᠷᠢᠶᠠᠨ ᠤ ᠭᠤᠤᠯ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠤᠷᠤᠯᠴᠠᠬᠤ ᠬᠤᠷᠠᠯ ᠳᠤ ᠣᠷᠣᠯᠴᠠᠭᠰᠠᠨ ᠪᠥᠭᠡᠳ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1