ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠪᠠᠰᠠ ᠱᠠᠩᠨᠠᠯ ᠲᠤᠰᠪᠠ
ᠨᠡᠶᠢᠲᠡᠯᠡᠭᠰᠡᠨ ᠴᠠᠭ᠄
2021/1/28
       ᠪᠠᠶᠠᠷ ᠤᠨ ᠮᠡᠳᠡᠭᠡ  ︕      ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠪᠠᠰᠠ ᠱᠠᠩᠨᠠᠯ ᠲᠤᠰᠪᠠ᠃      2021 ᠣᠨ ᠤ 1 ᠳ᠋ᠤᠭᠡᠷ ᠰᠠᠷ᠎ᠠ ᠶᠢᠨ 11   ᠤ ᠡᠳᠦᠷ᠂ ᠳᠤᠮᠳᠠᠳᠤ ᠤᠯᠤᠰ ᠤᠨ ᠲᠧᠯᠸᠢᠰ ᠤᠷᠠᠯᠢᠭᠴᠢᠳ ᠤᠨ ᠨᠡᠶᠢᠭᠡᠮᠯᠢᠭ ᠤᠨ ᠡᠷᠭᠢᠯᠡᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠴᠢᠨᠡᠭᠡᠯᠢᠭ ᠲᠧᠯᠸᠢᠰ ᠤᠨ ᠫᠷᠤᠭ᠍ᠷᠠᠮ ᠤᠨ ᠢᠨᠵᠧᠨᠧᠷᠢᠩ ᠤᠨ ᠰᠣᠩᠭᠤᠨ ᠲᠠᠨᠢᠯᠴᠠᠭᠤᠯᠬᠤ ᠠᠵᠢᠯᠯᠠᠭ᠎ᠠ ᠶᠢᠨ ᠱᠠᠩᠨᠠᠯ ᠣᠯᠭᠤᠬᠤ ᠦᠳᠡᠰᠢᠯᠡᠭᠡ ᠪᠡᠭᠡᠵᠢᠩ ᠳᠤ ᠶᠠᠪᠤᠭᠳᠠᠵᠤ᠂ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠮᠡᠳᠡᠭᠦᠯᠦᠨ ᠬᠦᠷᠭᠡᠭᠰᠡᠨ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠮᠥᠷᠥᠨ ᠳᠡᠭᠡᠨ︾ ᠪᠦᠲᠦᠭᠡᠯ ᠨᠢ ᠲᠠᠷᠢᠶᠠᠯᠠᠩ ᠤᠨ ᠲᠤᠰᠬᠠᠶ ᠰᠡᠳᠦᠪᠲᠦ ᠹᠢᠯᠢᠮ ᠤᠨ ᠲᠥᠷᠥᠯ ᠤᠨ ᠰᠠᠶᠢᠨ ᠪᠦᠲᠦᠭᠡᠯ ᠤᠨ ᠱᠠᠩᠨᠠᠯ ᠢ ᠭᠥᠷᠳᠡᠪᠡ᠃      ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠮᠥᠷᠥᠨ ᠳᠡᠭᠡᠨ︾ ᠭᠡᠬᠦ  ᠲᠤᠰᠬᠠᠶ ᠰᠡᠳᠦᠪᠲᠦ ᠹᠢᠯᠢᠮ ᠤᠨ ᠠᠭᠤᠯᠭ᠎ᠠ ᠨᠢ᠄      ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ  ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ  ᠤᠨ ᠣᠷᠳᠣᠨ ᠬᠦᠴᠦᠲᠡᠢ ᠠᠷᠭ᠎ᠠ ᠬᠡᠮᠵᠢᠶ᠎ᠡ ᠠᠪᠴᠤ᠂ ᠬᠦᠴᠦᠨ ᠢᠶᠠᠨ ᠲᠥᠪᠯᠡᠷᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠥᠷᠨᠢᠯᠲᠡ ᠭᠠᠷᠪᠠ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾  ᠨᠢ ᠲᠣᠭᠲᠠᠬᠤ ᠰᠢᠶᠠᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠤᠷᠪᠠᠨ ᠬᠦᠮᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠦᠨᠡᠨ ᠪᠣᠳᠠᠲᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1