2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠯᠤᠰ ᠠᠴᠠ ᠵᠤᠬᠢᠶᠠᠨ ᠪᠠᠶᠢᠭᠤᠯᠤᠭᠰᠠᠨ | ᠲᠢᠲᠢᠮᠯᠢᠭ ᠰᠤᠳᠠᠯ ᠤᠨ ᠲᠤᠯᠤᠭᠠᠰᠤ ᠶᠢᠨ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ | ᠦᠷ᠎ᠡ ᠳ᠋ᠦᠩ ᠢ ᠮᠠᠨ ᠤ ᠣᠷᠣᠨ ᠳᠤ ᠤᠷᠤᠭᠰᠢᠲᠠᠶ ᠨᠠᠶᠢᠳᠠᠪᠤᠷᠢᠵᠢᠭᠤᠯᠪᠠ | 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠨ 1 ᠴᠠᠭ 20 ᠮᠢᠨᠦ᠋ᠲ ᠲᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠤᠯᠤᠰ ᠠᠴᠠ ᠵᠤᠬᠢᠶᠠᠨ | ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ ᠶᠢᠨ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠳᠤ | ᠰᠣᠩᠭᠤᠭᠳᠠᠭᠰᠠᠨ ᠦᠶᠯᠡᠳᠬᠦᠨ ᠢ ᠬᠡᠷᠡᠭᠯᠡᠨ ᠪᠥᠬᠦ ᠣᠷᠣᠨ ᠤ ᠠᠩᠬᠠᠳᠠᠭᠴᠢ ᠵᠢᠷᠦᠬᠡᠨ ᠲᠢᠲᠢᠮ ᠤᠨ ᠡᠪᠡᠳᠴᠢᠨ ᠳᠤ | ᠮᠡᠰᠡ ᠵᠠᠰᠠᠯ ᠬᠢᠵᠦ ᠡᠮᠨᠡᠨ ᠵᠠᠰᠠᠪᠠ᠃ ᠲᠢᠲᠢᠮ ᠰᠤᠳᠠᠯ ᠤᠨ ᠲᠤᠯᠤᠭᠠᠰᠤ ᠮᠢᠩᠭᠠᠨ ᠲᠥᠭᠦᠷᠢᠭ ᠤᠨ ᠴᠠᠭ ᠦᠶ᠎ᠡ ᠳᠤ | ᠣᠷᠣᠵᠤ᠂ ᠪᠥᠬᠦ ᠣᠷᠣᠨ ᠤ ᠥᠷᠭᠡᠨ ᠣᠯᠠᠨ ᠲᠢᠲᠢᠮ ᠵᠢᠷᠦᠬᠡᠨ ᠡᠪᠡᠳᠴᠢᠲᠡᠨ ᠴᠥᠮ ᠲᠢᠲᠢᠮ ᠰᠤᠳᠠᠯ ᠤᠨ | ᠲᠤᠯᠤᠭᠠᠰᠤ ᠶᠢ ᠬᠡᠷᠡᠭᠯᠡᠵᠦ ᠳᠡᠶᠢᠯᠬᠦ ᠪᠣᠯᠵᠣ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ | ᠤᠯᠠᠮ ᠨᠢᠭᠡ ᠠᠯᠬᠤᠮ ᠨᠡᠮᠡᠭᠳᠡᠭᠦᠯᠪᠡ᠃ | ᠤᠯᠤᠰ ᠠᠴᠠ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ | ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠮᠳᠠᠳᠤ ᠤᠯᠤᠰ ᠤᠨ | ᠣᠨᠴᠠᠯᠢᠭ ᠲᠠᠢ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠲᠤᠬᠠᠶ ᠴᠢᠬᠤᠯᠠ ᠶᠡᠭᠡ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ 2020 ᠣᠨ ᠤ 11 ᠰᠠᠷ᠎ᠠ ᠶᠢᠨ 9 ᠤ ᠡᠳᠦᠷ᠂ ᠤᠯᠤᠰ ᠤᠨ | ᠵᠣᠬᠢᠶᠠᠨ ᠪᠠᠶᠢᠭᠤᠯᠤᠯᠲᠠ ᠶᠢᠨ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ | ᠳᠤ ᠰᠣᠩᠭᠤᠭᠳᠠᠭᠰᠠᠨ ᠦᠷ᠎ᠡ ᠳ᠋ᠦᠩ ᠢ ᠨᠡᠶᠢᠲᠡᠯᠡᠪᠡ᠂ 8 ᠠᠵᠤ ᠠᠬᠤᠶᠢᠯᠠᠯ ᠤᠨ 10 ᠦᠶᠯᠡᠳᠬᠦᠨ ᠵᠢᠭᠰᠠᠭᠠᠯᠲᠠ | ᠳᠤ ᠣᠷᠣᠵᠤ᠂ ᠲᠢᠲᠢᠮ ᠰᠤᠳᠠᠯ ᠤᠨ ᠲᠤᠯᠤᠭᠠᠰᠤ ᠶᠢᠨ ᠦᠨ᠎ᠡ ᠨᠢ ᠳᠤᠮᠳᠠᠴᠢ ᠦᠨ᠎ᠡ ᠨᠢ 13000 ᠲᠥᠭᠦᠷᠢᠭ | ᠣᠷᠴᠢᠮ ᠪᠠᠶᠢᠭᠰᠠᠨ ᠠᠴᠠ ᠪᠠᠨ 700 ᠲᠥᠭᠦᠷᠢᠭ ᠣᠷᠴᠢᠮ ᠪᠣᠯᠲᠠᠯ᠎ᠠ ᠪᠠᠭᠤᠷᠠᠵᠤ᠂ ᠰᠣᠩᠭᠤᠭᠳᠠᠭᠰᠠᠨ ᠨᠢ | ᠦᠨᠳᠦᠰᠦᠨ ᠳᠡᠭᠡᠨ ᠴᠥᠮ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠪᠠᠶᠢᠩᠭᠤ ᠬᠡᠷᠡᠭᠯᠡᠳᠡᠭ ᠭᠤᠤᠯ | ᠦᠶᠯᠡᠳᠬᠦᠨ ᠪᠠᠶᠢᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠰᠠᠨᠠᠮᠵᠢ ᠶᠢᠨ ᠬᠡᠮᠵᠢᠶ᠎ᠡ ᠶᠢᠨ 70 | % ᠠᠴᠠ ᠳᠡᠭᠡᠭᠰᠢᠬᠢ ᠶᠢ ᠬᠠᠮᠤᠷᠴᠠᠶ᠃ ᠲᠣᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠮᠠᠨ ᠤ ᠣᠷᠣᠨ | ᠨᠡᠶᠢᠲᠡ 80 ᠡᠮᠴᠢᠯᠡᠭᠡᠨ ᠤ ᠪᠠᠶᠢᠭᠤᠯᠤᠮᠵᠢ ᠣᠷᠣᠯᠴᠠᠵᠤ᠂ 2019 ᠣᠨ ᠤ ᠬᠢ ᠲᠠᠢ ᠬᠠᠷᠢᠴᠠᠭᠤᠯᠪᠠᠯ᠂ ᠠᠳᠠᠯᠢ | ᠠᠵᠤ ᠠᠬᠤᠶᠢᠯᠠᠯ ᠤᠨ ᠠᠳᠠᠯᠢ ᠦᠶᠯᠡᠳᠬᠦᠨ ᠤ ᠦᠨ᠎ᠡ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 93. 65 | % ᠳᠤ ᠬᠦᠷᠴᠦ᠂ ᠰᠣᠩᠭᠤᠭᠳᠠᠭᠰᠠᠨ ᠦᠶᠯᠡᠳᠬᠦᠨ ᠨᠢ 75. 93 % ᠶᠢᠨ ᠡᠮᠴᠢᠯᠡᠭᠡᠨ ᠤ ᠪᠠᠶᠢᠭᠤᠯᠤᠮᠵᠢ ᠶᠢᠨ | ᠬᠤᠳᠠᠯᠳᠤᠨ ᠠᠪᠬᠤ ᠰᠠᠨᠠᠮᠵᠢ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ᠃ | ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ | ᠳ᠋ᠦᠩ ᠢ ᠮᠠᠨ ᠤ ᠣᠷᠣᠨ ᠳᠤ ᠤᠷᠤᠭᠰᠢᠲᠠᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ 2020 ᠣᠨ | ᠤ 11 ᠳ᠋ᠦ᠋ᠭᠡᠷ ᠰᠠᠷ᠎ᠠ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠤᠬᠠᠭᠤᠯᠵᠤ ᠬᠥᠲᠥᠯᠥᠨ ᠵᠢᠯᠣᠭᠤᠳᠬᠤ᠂ ᠰᠦᠯᠵᠢᠶᠡᠨ ᠳᠤ ᠭᠠᠷᠭᠠᠬᠤ ᠦᠶᠯᠡᠳᠬᠦᠨ | ᠰᠣᠩᠭᠤᠬᠤ ᠶᠢ ᠢᠳᠡᠪᠬᠢᠲᠡᠶ ᠥᠷᠨᠢᠭᠦᠯᠵᠦ᠂ ᠦᠶᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠡᠮᠴᠢᠯᠡᠭᠡᠨ ᠤ | ᠪᠠᠶᠢᠭᠤᠯᠤᠮᠵᠢ ᠶᠢ ᠵᠣᠯᠭᠠᠭᠤᠯᠬᠤ ᠬᠤᠷᠠᠯ ᠢ ᠬᠤᠷᠠᠯᠳᠤᠭᠤᠯᠵᠤ᠂ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ | ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠬᠤᠳᠠᠯᠳᠤᠨ ᠠᠪᠴᠤ ᠳᠣᠭᠢᠷᠠᠭᠤᠯᠤᠨ ᠬᠦᠷᠭᠡᠭᠰᠡᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠴᠤ᠂ ᠭᠤᠤᠯᠳᠠᠯᠭ᠎ᠠ ᠲᠠᠢ ᠡᠮᠴᠢᠯᠡᠭᠡᠨ ᠤ ᠪᠠᠶᠢᠭᠤᠯᠤᠮᠵᠢ | ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠥᠬᠦ ᠲᠠᠯ᠎ᠠ | ᠪᠠᠷ ᠳᠣᠭᠢᠷᠠᠭᠤᠯᠤᠨ ᠪᠠᠶᠢᠷᠢᠯᠠᠭᠤᠯᠪᠠ᠃ ᠡᠭᠦᠨ ᠤ ᠬᠠᠮᠲᠤ᠂ ᠤᠯᠤᠰ ᠤᠨ ᠱᠠᠭᠠᠷᠳᠠᠯᠭ᠎ᠠ ᠶᠣᠰᠣᠭᠠᠷ᠂ ︽ᠤᠯᠤᠰ | ᠤᠨ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ | ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠴᠠᠭ ᠲᠤᠬᠠᠶ ᠳᠤᠨᠢ ᠳᠠᠷᠤᠮᠠᠯᠯᠠᠨ ᠲᠠᠷᠬᠠᠭᠠᠵᠤ᠂ | 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠠᠴᠠ ᠵᠤᠬᠢᠶᠠᠨ ᠲᠢᠲᠢᠮ ᠰᠤᠳᠠᠯ | ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃ | ᠣᠳᠣᠬᠠᠨ ᠳᠤ᠂ ᠰᠢᠮᠳᠠᠭᠤᠯᠤᠨ ᠵᠢᠯᠣᠭᠤᠳᠬᠤ ᠡᠳᠦᠷ ᠤᠨ ᠮᠡᠳᠡᠭᠦᠯᠦᠯᠲᠡ ᠶᠢᠨ ᠪᠠᠶᠢᠳᠠᠯ ᠢ ᠦᠨᠳᠦᠰᠦᠯᠡᠪᠡᠯ᠂ ᠪᠥᠬᠦ | ᠣᠷᠣᠨ ᠤ ᠡᠯ᠎ᠡ ᠠᠶᠢᠮᠠᠭ ᠬᠤᠲᠠ ᠶᠢᠨ ᠲᠢᠲᠢᠮ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠴᠤᠭᠯᠠᠭᠤᠯᠬᠤ ᠳᠤ | ᠰᠣᠩᠭᠤᠭᠳᠠᠭᠰᠠᠨ ᠦᠷ᠎ᠡ ᠳ᠋ᠦᠩ ᠢ ᠨᠠᠶᠢᠳᠠᠪᠤᠷᠢᠵᠢᠭᠤᠯᠬᠤ ᠠᠵᠢᠯ ᠶᠠᠭ ᠲᠣᠭᠲᠠᠭᠤᠨ ᠢᠶᠠᠷ ᠡᠮᠬᠢ ᠵᠢᠷᠤᠮ ᠲᠠᠢ | ᠶᠠᠪᠤᠭᠳᠠᠵᠤ ᠪᠠᠶᠢᠨ᠎ᠠ᠃ | | | | | | | | | | | ᠁ |